1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠠᠯᠠᠱᠠ ᠪᠠᠷᠠᠭᠤᠨ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ | ᠬᠤᠷᠠᠯ ᠪᠠᠳᠠᠢ ᠶᠢᠨ ᠵᠢᠷᠠᠨ ᠪᠠᠯᠭᠠᠰᠤᠨ ᠳᠤ ᠬᠤᠷᠠᠯᠳᠤᠵᠤ ᠂ ᠪᠦᠬᠦ ᠬᠤᠰᠢᠭᠤᠨ ᠤ ᠡᠯ᠎ᠡ ᠠᠵᠢᠯ ᠤᠨ ᠹᠠᠷᠤᠨᠲ ᠤᠨ | ᠠᠷᠠᠳ ᠤᠨ ᠲᠦᠯᠤᠭᠡᠯᠡᠭᠴᠢᠳ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠠᠷᠠᠳ ᠲᠦᠮᠡᠨ ᠤ ᠬᠦᠰᠡᠯ | ᠨᠠᠶᠢᠳᠠᠯᠭ᠎ᠠ ᠶᠢ ᠡᠪᠦᠷᠯᠡᠨ ᠬᠤᠷᠠᠯ ᠳᠤ ᠢᠷᠡᠵᠦ᠂ ᠦᠨᠳᠣᠰᠤᠨ ᠬᠠᠤᠯᠢ ᠪᠠ ᠬᠠᠤᠯᠢ ᠴᠠᠭᠠᠵᠠ ᠠᠴᠠ ᠤᠯᠠᠭᠤᠰᠠᠨ | ᠳᠠᠷᠬᠠᠨ ᠬᠠᠷᠢᠭᠤᠴᠠᠯᠭ᠎ᠠ ᠪᠠᠨ ᠭᠦᠢᠴᠡᠳᠭᠡᠨ᠂ ᠠᠠᠯᠱᠠ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ | ᠭᠦᠭᠵᠢᠯᠳᠡ ᠶᠢᠨ ᠶᠡᠭᠡ ᠲᠦᠯᠤᠪᠵᠢᠬᠦᠯᠭᠡ ᠶᠢ ᠬᠠᠮᠳᠤᠪᠠᠷ ᠰᠦᠪᠡᠭᠴᠢᠯᠡᠭᠰᠡᠨ ᠪᠠᠶᠢᠨ᠎ᠠ᠃ | | | | | ᠲᠤᠰ ᠤᠳᠠᠭᠠᠨ ᠤ ᠬᠤᠷᠠᠯ ᠳᠤ᠂ ᠤᠷᠤᠯᠴᠠᠬᠤ ᠶᠤᠰᠤᠳᠠᠢ ᠲᠦᠯᠤᠭᠡᠯᠡᠭᠴᠢ 139᠂ ᠬᠤᠷᠠᠯ ᠳᠤ | ᠤᠷᠤᠯᠴᠠᠭᠰᠠᠨ ᠲᠦᠯᠤᠭᠡᠯᠡᠭᠴᠢ 137᠂ ᠬᠠᠤᠯᠢ ᠪᠠᠷ ᠲᠤᠭᠳᠠᠭᠰᠠᠨ ᠬᠦᠮᠤᠨ ᠤ ᠲᠤᠭᠠᠨ ᠳᠤ ᠨᠡᠶᠢᠴᠡᠵᠡᠢ᠃ | ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠨᠠᠮ ᠤᠨ | ᠳᠤᠭᠤᠶᠢᠯᠠᠩ ᠤᠨ ᠲᠡᠳ᠋ ᠱᠦᠵᠢ ᠲᠡᠳ᠋ ᠡᠷᠬᠢᠯᠡᠭᠴᠢ ᠯᠢᠦ ᠰᠢᠶᠣᠣ ᠳ᠋ᠦᠩ ᠬᠤᠷᠠᠯ ᠳᠤ ᠤᠷᠤᠯᠴᠠᠨ᠂ ᠦᠪᠡᠷᠳᠡᠭᠡᠨ | ᠵᠠᠰᠠᠬᠤ ᠤᠷᠤᠨ ᠤ ᠬᠤᠭᠤᠴᠠᠭ᠎ᠠ ᠰᠣᠯᠢᠬᠤ ᠨᠠᠢᠮᠠᠳᠤᠭᠠᠷ ᠬᠢᠨᠠᠨ ᠵᠢᠯᠤᠭᠤᠳᠬᠤ ᠲᠤᠭᠤᠶᠢᠯᠠᠩ ᠪᠠ ᠠᠶᠢᠮᠠᠭ ᠤᠨ | ᠬᠤᠭᠤᠴᠠᠭ᠎ᠠ ᠰᠣᠯᠢᠬᠤ ᠠᠵᠢᠯ ᠤᠨ ᠬᠤᠶᠠᠳᠤᠭᠠᠷ ᠪᠠᠶᠢᠴᠠᠭᠠᠨ ᠵᠢᠯᠤᠭᠤᠳᠬᠤ ᠲᠤᠭᠤᠶᠢᠯᠠᠩ ᠤᠨ ᠤᠳᠤᠷᠢᠳᠤᠯᠭ᠎ᠠ | ᠬᠤᠷᠠᠯ ᠳᠤ ᠣᠷᠣᠯᠴᠠᠨ ᠵᠢᠯᠤᠭᠤᠳᠤᠯᠭ᠎ᠠ ᠬᠢᠵᠡᠢ᠃ | | | | | ᠶᠡᠭᠡ ᠬᠤᠷᠠᠯ ᠤᠨ ᠭᠦᠢᠴᠡᠳᠭᠡᠭᠦ ᠲᠡᠷᠢᠭᠦᠯᠡᠭᠴᠢ ᠯᠢᠦ ᠴᠦᠩ ᠰᠢᠶᠣᠣ᠂ ᠵᠢᠶᠠᠩ ᠪᠢᠩ ᠵᠢᠶᠧ᠂ ᠶᠠᠩ ᠯᠢ | ᠶᠦᠨ᠂ ᠰᠦᠨ ᠭᠠᠩ ᠳ᠋ᠧ᠂ ᠸᠠᠩ ᠳ᠋ᠦᠩ᠂ ᠵᠠᠩ ᠱᠢ ᠱᠧ᠂ ᠤᠷᠠᠩᠭᠤᠸ᠎ᠠ᠂ ᠪᠤᠯᠤᠳ᠂ ᠪᠦᠬᠡᠴᠢᠯᠠᠭᠤ᠂ ᠬᠡᠰᠢᠭ᠂ | ᠤᠶᠤᠨᠭᠡᠷᠡᠯ᠂ ᠯᠢᠦ ᠰᠢᠶᠣᠣ ᠯᠥᠩ᠂ ᠯᠢ ᠮᠢᠩ᠂ ᠯᠢᠦ ᠠᠢ ᠮᠸᠢ᠂ ᠱᠤᠸᠠᠩ ᠰᠢ᠃ ᠬᠤᠰᠢᠭᠤᠨ ᠤ ᠠᠷᠠᠳ ᠤᠨ | ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠩ ᠯᠢ ᠶᠦᠨ ᠬᠤᠷᠠᠯ | ᠡᠷᠬᠢᠯᠡᠵᠡᠢ᠃ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ ᠤ ᠤᠷᠤᠯᠠᠭᠴᠢ ᠲᠠᠷᠤᠭ᠎ᠠ ᠵᠢᠶᠠᠩ ᠪᠢᠩ | ᠵᠢᠶᠧ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠤᠭᠡᠯᠡᠨ ᠶᠡᠭᠡ ᠬᠤᠷᠠᠯ ᠳᠤ | ᠠᠵᠢᠯ ᠤᠨ ᠢᠯᠡᠳᠭᠡᠯ ᠬᠢᠵᠤ᠂ ᠠᠷᠪᠠᠨ ᠬᠤᠶᠠᠳᠤᠭᠠᠷ ᠬᠤᠭᠤᠴᠠᠭᠠᠨ ᠤ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠤ ᠠᠵᠢᠯ ᠢ ᠡᠷᠬᠢᠴᠡᠬᠦᠯᠤᠨ ᠳ᠋ᠦᠩᠨᠡᠵᠤ᠂ ᠬᠤᠶᠢᠰᠢᠳᠡ ᠶᠢᠨ ᠲᠠᠪᠤᠨ ᠵᠢᠯ ᠤᠨ ᠠᠵᠦ ᠠᠬᠤᠢ ᠨᠡᠶᠢᠬᠡᠮ ᠤᠨ | ᠬᠦᠭᠵᠢᠯᠳᠡ ᠶᠢᠨ ᠲᠡᠮᠡᠴᠡᠬᠦ ᠬᠠᠷᠠᠯᠳᠡ ᠪᠠ 2022 ᠤᠨ ᠤ ᠭᠤᠤᠯ ᠠᠵᠢᠯ ᠢ ᠪᠠᠶᠢᠷᠢᠯᠠᠭᠤᠯᠤᠨ ᠲᠤᠬᠢᠷᠠᠭᠤᠯᠵᠠᠢ᠃ | | | | | ᠵᠢᠶᠠᠩ ᠪᠢᠩ ᠵᠢᠶᠧ ᠢᠯᠡᠳᠭᠡᠯ ᠳᠡᠭᠡᠨ ᠵᠢᠭᠠᠨ ᠭᠠᠷᠭᠠᠭᠰᠠᠨ ᠨᠢ᠄ ᠬᠤᠰᠢᠭᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠠᠴᠠ | ᠨᠠᠰᠢ᠂ ᠪᠤᠳᠤᠯᠢᠶᠠᠨᠳᠡᠢ ᠪᠦᠭᠡᠳ ᠬᠤᠪᠢᠷᠠᠯᠳᠡ ᠶᠡᠬᠡᠳᠡᠢ ᠠᠵᠦ ᠠᠬᠤᠢ ᠶᠢᠨ ᠤᠷᠴᠢᠨ ᠲᠤᠭᠤᠷᠢᠨ ᠪᠠ | ᠦᠬᠡᠷᠡᠴᠢᠯᠡᠯᠳᠡ ᠬᠦᠭᠵᠢᠬᠦᠯᠦᠯᠳᠡ ᠲᠤᠭᠳᠠᠭᠤᠨ ᠤ ᠨᠦᠰᠡᠷ ᠬᠦᠨᠳᠦ ᠡᠬᠦᠷᠭᠡ ᠶᠢᠨ ᠡᠮᠤᠨ᠎ᠡ᠂ ᠬᠤᠰᠢᠭᠤᠨ ᠤ | ᠠᠷᠠᠳ ᠤᠨ ᠵᠠᠰᠠᠭ ᠤᠨ ᠤᠷᠳᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠤᠰ ᠤᠨ ᠤᠨᠴᠠᠯᠢᠭ | ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠᠨ ᠶᠢᠰᠦᠳᠦᠭᠡᠷ ᠶᠡᠭᠡ | ᠬᠤᠷᠠᠯ ᠪᠤᠯᠤᠨ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠨᠳᠤᠰᠤᠲᠠᠨ | ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠦ᠂ ᠪᠤᠳᠠᠳᠠᠢ ᠠᠵᠢᠯᠯᠠᠨ ᠡᠬᠦᠷᠭᠡᠯᠡᠬᠦ ᠪᠠᠷ ᠨᠠᠮ | ᠤᠨ ᠵᠠᠭᠤᠨ ᠵᠢᠯ ᠤᠨ ᠤᠢ ᠶᠢ ᠪᠡᠯᠬᠡᠯᠡᠨ᠂ ᠤᠷᠤᠭᠰᠢᠯᠠᠨ ᠲᠠᠪᠰᠢᠬᠤ ᠪᠠᠷ ᠦᠨᠳᠦᠷ ᠴᠢᠨᠠᠷ ᠰᠠᠶᠢᠳᠡᠢ ᠬᠦᠭᠵᠢᠯᠳᠡ ᠶᠢ | ᠠᠬᠢᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢ ᠠᠮᠵᠢᠯᠳᠡ ᠲᠠᠢ ᠪᠡᠶᠡᠯᠡᠬᠦᠯᠦᠨ᠂ | ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠳᠤ ᠰᠠᠶᠢᠨ ᠡᠬᠢᠯᠡᠯᠳᠡ ᠶᠢ ᠲᠠᠯᠪᠢᠵᠠᠢ᠃ | | | | | | ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 4.9% ᠢᠶᠠᠷ | ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 10.1% ᠨᠡᠮᠡᠭᠳᠡᠵᠡᠢ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ | ᠲᠣᠰ ᠲᠣᠰ 5.3% ᠪᠠ7.8% ᠪᠠᠷ ᠨᠡᠮᠡᠭᠳᠡᠵᠡᠢ᠃ ᠲᠦᠷᠪᠡᠨ ᠵᠢᠯ ᠳᠤ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ ᠨᠡᠶᠢᠲᠡ 74 ᠳ᠋ᠦᠩᠰᠢᠭᠤᠷ ᠲᠥᠭᠦᠷᠢᠭ ᠪᠡᠶᠡᠯᠡᠭᠦᠯᠵᠤ᠂ ᠭᠤᠷᠪᠠᠨ ᠠᠵᠤ ᠦᠢᠯᠡᠰ ᠤᠨ | ᠪᠦᠲᠦᠴᠡ ᠨᠢ 15᠄39.5᠄45.5᠃ | ᠢᠯᠡᠳᠭᠡᠯ ᠳᠤ ᠵᠢᠭᠠᠨ ᠭᠠᠷᠭᠠᠭᠰᠠ ᠨᠢ᠂ ᠲᠦᠷᠪᠡᠨ ᠵᠢᠯ ᠤᠨ ᠲᠤᠷᠰᠢᠬᠢ ᠴᠢᠷᠮᠠᠶᠢᠯᠭ᠎ᠠ ᠶᠢ ᠡᠷᠬᠢᠴᠡᠬᠦᠯᠪᠡᠯ᠂ | ᠠᠵᠦ ᠦᠢᠯᠡᠰ ᠤᠨ ᠲᠥᠰᠥᠪ ᠢ ᠰᠤᠯᠠᠷᠠᠭᠤᠯᠤᠯ ᠦᠭᠡᠢ ᠴᠢᠩᠭ᠎ᠠ ᠠᠳᠬᠤᠬᠤ ᠶᠢ ᠪᠠᠷᠢᠮᠳᠡᠯᠡᠵᠦ᠂ ᠠᠵᠦ ᠠᠬᠤᠢ ᠶᠢᠨ | ᠬᠦᠭᠵᠢᠯᠳᠡ ᠶᠢᠨ ᠴᠢᠨᠠᠷ ᠴᠢᠨᠰᠠᠭ᠎ᠠ ᠦᠷ᠎ᠡ ᠠᠰᠢᠭ ᠢᠯᠡᠳᠳᠡ ᠲᠡᠭᠡᠭᠰᠢᠯᠡᠪᠡ᠃ ᠬᠦᠴᠦ ᠪᠠᠨ ᠲᠦᠪᠯᠡᠷᠬᠦᠯᠦᠨ | ᠭᠤᠷᠪᠠᠨ ᠶᠡᠭᠡ ᠪᠤᠭᠤᠮᠳᠡ ᠰᠢᠪᠳᠤᠯᠬᠤ ᠲᠠᠶᠢᠯᠠᠯᠳᠤᠭᠠᠨ ᠢ ᠰᠤᠯᠠᠷᠠᠭᠤᠯᠤᠯ ᠦᠬᠡᠢ ᠬᠢᠵᠦ᠂ ᠴᠢᠨᠡᠭᠡᠯᠢᠭ ᠨᠡᠶᠢᠬᠡᠮ ᠢ | ᠪᠦᠬᠦ ᠲᠠᠯ᠎ᠠ ᠪᠠᠷ ᠪᠠᠶᠢᠭᠤᠯᠬᠤ ᠬᠠᠷᠠᠯᠳᠡ ᠪᠠᠨ ᠠᠮᠵᠢᠯᠳᠡ ᠲᠡᠬᠦᠰ ᠪᠡᠶᠡᠯᠡᠭᠦᠯᠵᠡᠢ᠃ ᠬᠤᠳᠠ ᠬᠦᠳᠡᠭᠡ ᠶᠢᠨ | ᠠᠭᠤᠰᠤᠯᠴᠠᠯ ᠢ ᠲᠠᠰᠤᠷᠠᠯᠳᠡ ᠦᠬᠡᠢ ᠠᠬᠢᠭᠤᠯᠵᠦ᠂ ᠦᠵᠡᠰᠬᠦᠯᠡᠩᠳᠦ ᠰᠠᠶᠢᠬᠠᠨ ᠠᠯᠠᠱᠠ ᠪᠠᠷᠠᠭᠤᠨ ᠬᠤᠰᠢᠭᠤᠨ ᠤ | ᠰᠢᠨ᠎ᠡ ᠲᠦᠷᠢ ᠲᠦᠷᠬᠦ ᠶᠢ ᠪᠣᠢ ᠪᠣᠯᠭᠠᠵᠠᠢ᠃ ᠦᠬᠡᠷᠡᠴᠢᠯᠡᠯᠳᠡ ᠨᠡᠭᠡᠭᠡᠯᠳᠡ ᠶᠢ ᠬᠦᠨᠵᠡᠬᠡᠶᠢᠷᠡᠬᠦᠯᠵᠦ᠂ | ᠳᠣᠲᠣᠭᠠᠳᠤᠬᠢ ᠶᠢᠨ ᠠᠮᠢᠵᠢᠷᠠᠯ ᠤᠨ ᠬᠦᠴᠦᠨ ᠢ ᠦᠷᠬᠦᠯᠵᠢᠯᠡᠨ ᠪᠠᠳᠠᠷᠠᠭᠤᠯᠵᠠᠢ᠃ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢ ᠭᠤᠶᠢᠪᠠᠰᠢ ᠦᠬᠡᠢ ᠪᠠᠷᠢᠮᠳᠡᠯᠡᠵᠦ᠂ ᠤᠯᠠᠨ ᠲᠦᠮᠡᠨ ᠤ ᠵᠤᠯ ᠵᠢᠷᠭᠠᠯ ᠤᠨ ᠵᠢᠭᠠᠯᠳᠡ ᠲᠤᠭ᠎ᠠ ᠶᠢ | ᠲᠠᠰᠤᠷᠠᠯᠳᠡ ᠦᠬᠡᠢ ᠨᠡᠮᠡᠭᠳᠡᠬᠦᠯᠵᠠᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠰᠤᠯᠠᠷᠠᠭᠤᠯᠤᠯ ᠦᠬᠡᠢ ᠠᠳᠬᠤᠨ | ᠵᠠᠰᠠᠭ ᠶᠠᠪᠤᠭᠤᠯᠬᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠥᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠵᠠᠢ᠃ | | | | | ᠢᠯᠡᠳᠭᠡᠯ ᠳᠤ ᠳᠤᠷᠠᠳᠤᠨ ᠭᠠᠷᠭᠠᠭᠰᠠ ᠨᠢ᠂ ᠬᠤᠶᠢᠰᠢᠳᠠ ᠶᠢᠨ ᠲᠠᠪᠤᠨ ᠵᠢᠯ ᠳᠤ ᠪᠦᠬᠦ ᠬᠤᠰᠢᠭᠤᠨ ᠤ | ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠵᠢᠱᠢᠭᠰᠡᠨ ᠭᠤᠤᠯ ᠬᠠᠷᠠᠯᠳᠡ ᠪᠤᠯ᠂ ᠭᠠᠵᠠᠷ ᠤᠷᠤᠨ ᠤ | ᠦᠢᠯᠡᠳᠪᠤᠷᠢᠯᠡᠯ ᠤᠨ ᠶᠡᠷᠤᠩᠬᠡᠢ ᠦᠷᠳᠡᠭ ᠢ ᠵᠢᠯ ᠪᠦᠷᠢ ᠲᠤᠮᠳᠠᠴᠢ ᠪᠠᠷ 7% ᠪᠠᠷ ᠥᠰᠭᠡᠵᠦ᠂ ᠤᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 7% ᠪᠠᠷ ᠨᠡᠮᠡᠭᠳᠡᠭᠦᠯᠦᠨ᠎ᠡ᠃ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 15% ᠪᠠᠷ ᠥᠰᠭᠡᠵᠦ ᠂ ᠬᠤᠳᠠ ᠬᠥᠳᠡᠭᠡ ᠶᠢᠨ ᠪᠠᠶᠢᠩᠭᠤ ᠶᠢᠨ | ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠳᠤᠰ ᠳᠤᠰ 7% ᠪᠠ | 8% ᠪᠠᠷ ᠥᠰᠭᠡᠨ᠎ᠡ︔ ᠪᠦᠬᠦ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠤᠬᠤ ᠶᠡᠷᠦᠩᠭᠡᠢ | ᠲᠤᠭ᠎ᠠ ᠶᠢ ᠵᠢᠯ ᠪᠦᠷᠢ ᠲᠤᠮᠳᠠᠴᠢ ᠪᠠᠷ 5% ᠪᠠᠷ ᠨᠡᠮᠡᠭᠳᠡᠭᠦᠯᠦᠨ᠎ᠡ︔ | ᠢᠯᠡᠳᠭᠡᠯ ᠳᠤ ᠵᠢᠭᠠᠨ ᠭᠠᠷᠭᠠᠭᠰᠠ ᠨᠢ᠂ ᠲᠡᠭᠡᠷ᠎ᠡ ᠲᠤᠷᠠᠳᠤᠭᠰᠠᠨ ᠬᠠᠷᠠᠯᠳᠡ ᠶᠢ ᠪᠡᠶᠡᠯᠡᠬᠦᠯᠬᠦ ᠳᠤ ᠪᠢᠳᠡ | ᠭᠤᠤᠯᠳᠠᠯᠭ᠎ᠠ ᠪᠠᠨ ᠲᠦᠪᠯᠡᠷᠬᠡᠦᠯᠦᠨ᠂ ᠵᠠᠮ ᠢᠶᠠᠨ ᠤᠨᠤᠪᠴᠢᠲᠡᠢ ᠡᠷᠢᠵᠦ᠂ ᠪᠤᠭᠤᠮᠳᠡ ᠰᠢᠪᠳᠤᠯᠬᠤ ᠪᠠᠷ ᠲᠠᠮᠵᠢᠨ᠂ | ᠲᠤᠤᠷᠠᠬᠢ ᠲᠠᠪᠤᠨ ᠲᠠᠯ᠎ᠠ ᠶᠢᠨ ᠠᠵᠢᠯ ᠢ ᠪᠦᠬᠦ ᠬᠦᠴᠦ ᠪᠠᠷ ᠲᠦᠯᠬᠢᠨ ᠠᠬᠢᠭᠤᠯᠤᠨ᠎ᠡ᠃ ᠰᠢᠨ᠎ᠡ ᠶᠢ ᠡᠬᠦᠳᠬᠦ ᠪᠠᠷ | ᠬᠦᠳᠡᠯᠬᠡᠬᠦᠷ ᠪᠤᠯᠭᠠᠵᠦ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠪᠠᠷᠢᠮᠳᠡᠯᠡᠵᠦ᠂ ᠦᠨᠳᠦᠷ ᠴᠢᠨᠠᠷ | ᠰᠠᠶᠢᠳᠡᠢ ᠬᠦᠭᠵᠢᠯᠳᠡ ᠶᠢᠨ ᠰᠢᠨ᠎ᠡ ᠬᠦᠳᠡᠯᠬᠡᠬᠦ ᠬᠦᠴᠦᠨ ᠢ ᠦᠷᠬᠦᠯᠵᠢᠯᠡᠨ ᠬᠦᠭᠵᠢᠬᠡᠨ᠎ᠡ᠃ ᠠᠮᠢ ᠠᠬᠤᠢ ᠶᠢ | ᠲᠡᠷᠢᠬᠦᠨ ᠪᠠᠶᠢᠷᠢᠨ ᠳᠤ ᠲᠠᠯᠪᠢᠵᠦ᠂ ᠬᠤᠳᠠ ᠬᠦᠳᠡᠭᠡᠨ ᠤ ᠠᠭᠤᠰᠤᠯᠴᠠᠭᠤᠯᠬᠤ ᠶᠢ ᠪᠠᠷᠢᠮᠳᠡᠯᠡᠵᠦ᠂ ᠬᠦᠴᠦ ᠪᠠᠨ | ᠲᠦᠪᠯᠡᠷᠡᠬᠦᠯᠦᠨ ᠤᠷᠤᠰᠢᠨ ᠰᠠᠭᠤᠷᠢᠰᠢᠬᠤ ᠳᠤ ᠲᠤᠬᠢᠷᠠᠮᠵᠢᠳᠡᠢ ᠰᠢᠨ᠎ᠡ ᠴᠢᠨᠠᠷ ᠲᠡᠰ ᠢ ᠪᠤᠢ ᠪᠤᠯᠭᠠᠨ᠎ᠠ᠃ | ᠦᠬᠡᠷᠡᠴᠢᠯᠡᠯᠳᠡ ᠨᠡᠭᠡᠭᠡᠯᠳᠡ ᠶᠢ ᠪᠠᠷᠢᠮᠳᠡᠯᠡᠨ ᠬᠤᠤᠰ ᠴᠢᠭᠯᠡᠯ ᠢᠶᠠᠷ ᠬᠦᠴᠦᠯᠡᠵᠦ᠂ ᠤᠷᠤᠨ ᠪᠦᠰᠡ ᠶᠢᠨ | ᠦᠷᠢᠰᠦᠯᠳᠦᠭᠡᠨ ᠤ ᠰᠢᠨ᠎ᠡ ᠲᠠᠪᠠᠭᠤᠯᠢᠭ ᠢ ᠢᠳᠡᠪᠬᠢᠲᠠᠢ ᠪᠠᠷ ᠨᠡᠮᠡᠭᠳᠡᠬᠦᠯᠦᠨ᠎ᠡ᠃ ᠬᠦᠮᠦᠨ ᠢᠶᠠᠷ ᠦᠨᠳᠤᠰᠤ ᠪᠤᠯᠭᠠᠨ᠂ | ᠠᠷᠠᠳ ᠤᠨ ᠠᠮᠢᠳᠤᠷᠠᠯ ᠢ ᠲᠡᠷᠢᠬᠦᠨ ᠳᠤ ᠲᠠᠯᠪᠢᠬᠤ ᠶᠢ ᠪᠠᠷᠢᠮᠳᠡᠯᠡᠵᠦ᠂ ᠠᠷᠠᠳ ᠤᠨ ᠠᠮᠢᠳᠤᠷᠠᠯ ᠤᠨ ᠰᠢᠨ᠎ᠡ | ᠬᠦᠰᠡᠯ ᠡᠷᠡᠮᠡᠯᠵᠡᠯ ᠢ ᠬᠠᠨᠤᠮᠵᠢᠲᠠᠢ ᠪᠣᠯᠭᠠᠨ᠎ᠠ᠃ ᠬᠠᠤᠯᠢ ᠪᠠᠷ ᠵᠠᠰᠠᠬᠤ᠂ ᠬᠠᠮᠳᠤᠪᠠᠷ ᠪᠠᠶᠢᠭᠤᠯᠤᠨ ᠬᠠᠮᠳᠤᠪᠠᠷ | ᠵᠠᠰᠠᠬᠤ ᠶᠢ ᠪᠡᠷᠢᠮᠳᠡᠯᠡᠨ᠂ ᠨᠡᠶᠢᠬᠡᠮ ᠤᠨ ᠵᠠᠰᠠᠨ ᠴᠡᠭᠴᠡᠯᠡᠯᠲᠡ ᠶᠢᠨ ᠰᠢᠨ᠎ᠡ ᠪᠦᠳᠦᠮᠵᠢ ᠶᠢ ᠬᠦᠴᠦᠯᠡᠨ | ᠲᠡᠭᠡᠭᠰᠢᠯᠡᠬᠦᠯᠦᠨ᠎ᠡ᠃ | ᠢᠯᠡᠳᠭᠡᠯ ᠳᠤ ᠳᠤᠷᠠᠳᠤᠨ ᠭᠠᠷᠭᠠᠭᠰᠠ ᠨᠢ᠂ 2022 ᠣᠨ ᠳᠤ ᠪᠦᠬᠦ ᠬᠤᠰᠢᠭᠤᠨ ᠤ ᠠᠵᠦ ᠠᠬᠤᠢ | ᠨᠡᠶᠢᠬᠡᠮ ᠤᠨ ᠬᠦᠭᠵᠢᠯᠳᠡ ᠶᠢᠨ ᠵᠢᠱᠢᠭᠰᠡᠨ ᠭᠤᠤᠯ ᠬᠠᠷᠠᠯᠳᠡ ᠪᠤᠯ᠂ ᠭᠠᠵᠠᠷ ᠤᠷᠤᠨ ᠤ ᠦᠢᠯᠡᠳᠪᠤᠷᠢᠯᠡᠯ ᠤᠨ | ᠶᠡᠷᠤᠩᠬᠡᠢ ᠦᠷᠳᠡᠭ ᠢ ᠵᠢᠯ ᠪᠦᠷᠢ ᠲᠤᠮᠳᠠᠴᠢ ᠪᠠᠷ 8% ᠪᠠᠷ ᠥᠰᠭᠡᠵᠦ᠂ ᠤᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠤᠨ ᠣᠷᠣᠯᠭ᠎ᠠ ᠶᠢ 7% ᠪᠠᠷ ᠨᠡᠮᠡᠭᠳᠡᠭᠦᠯᠦᠨ᠎ᠡ᠃ ᠬᠤᠳᠠ ᠬᠥᠳᠡᠭᠡ ᠶᠢᠨ ᠪᠠᠶᠢᠩᠭᠤ ᠶᠢᠨ | ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠳᠤᠰ ᠳᠤᠰ 7% ᠪᠠ | 8% ᠪᠠᠷ ᠥᠰᠭᠡᠨ᠎ᠡ︔500 ᠲᠦᠮᠡᠨ ᠲᠥᠭᠦᠷᠢᠭ ᠠᠴᠠ ᠲᠡᠭᠡᠭᠡᠰᠢ ᠲᠣᠭᠲᠠᠮᠠᠯ ᠬᠥᠷᠥᠩᠭᠡ ᠶᠢᠨ | ᠣᠷᠣᠭᠤᠯᠤᠯᠲᠠ ᠶᠢ 25% ᠪᠠᠷ ᠥᠰᠭᠡᠨ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠤᠬᠤ | ᠶᠡᠷᠦᠩᠭᠡᠢ ᠲᠤᠭ᠎ᠠ ᠶᠢ 5% ᠪᠠᠷ ᠨᠡᠮᠡᠭᠳᠡᠭᠦᠯᠦᠨ᠎ᠡ︔ | ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠨ ᠠᠷᠠᠳ ᠲᠦᠮᠡᠨ | ᠤ ᠬᠦᠷᠢᠶᠡᠯᠡᠯ ᠢ ᠤᠯᠤᠭᠰᠠᠨ ᠵᠠᠰᠠᠭ ᠤᠨ ᠤᠷᠳᠤᠨ ᠢ ᠴᠢᠷᠮᠡᠶᠢᠨ ᠪᠠᠶᠢᠭᠤᠯᠵᠦ᠂ ᠦᠨᠡᠨᠴᠢ ᠰᠢᠳᠤᠷᠭᠤ ᠪᠠᠷ ᠵᠠᠰᠠᠭ | ᠪᠠᠷᠢᠬᠤ ᠶᠢ ᠪᠠᠷᠢᠮᠳᠡᠯᠡᠨ᠂ ᠤᠯᠤᠰ ᠲᠦᠷᠦ ᠶᠢᠨ ᠴᠢᠭᠯᠡᠯ ᠢ ᠪᠠᠳᠤᠳᠬᠠᠨ᠎ᠠ᠃ ᠠᠵᠢᠯᠴᠢ ᠬᠢᠴᠢᠶᠡᠩᠬᠦᠢ ᠪᠠᠷ ᠵᠠᠰᠠᠭ | ᠪᠠᠷᠢᠬᠤ ᠶᠢ ᠪᠠᠷᠢᠮᠳᠡᠯᠡᠨ᠂ ᠵᠠᠰᠠᠭ ᠤᠨ ᠤᠷᠳᠤᠨ ᠤ ᠦᠢᠯᠡᠳᠦᠯ ᠴᠢᠳᠠᠪᠤᠷᠢ ᠶᠢ ᠲᠡᠭᠡᠭᠰᠢᠯᠡᠬᠦᠯᠦᠨ᠎ᠡ᠃ ᠬᠠᠤᠯᠢ | ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠡᠯᠡᠵᠦ᠂ ᠬᠠᠤᠯᠢᠵᠢᠭᠰᠡᠨ ᠵᠠᠰᠠᠭ ᠤᠨ ᠤᠷᠳᠤᠨ ᠢ ᠪᠦᠳᠦᠭᠡᠨ | ᠪᠠᠶᠢᠭᠤᠯᠤᠨ᠎ᠡ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠪᠠᠷᠢᠮᠳᠡᠯᠡᠵᠦ ᠴᠢᠭᠡᠴᠢ ᠵᠠᠰᠠᠭ ᠤᠨ ᠪᠠᠶᠢᠭᠤᠯᠤᠯᠲᠠ ᠶᠢᠨ | ᠬᠤᠷᠢᠭ᠎ᠠ ᠱᠤᠭᠤᠮ ᠢ ᠪᠠᠬᠢᠵᠢᠭᠦᠯᠬᠦ ᠪᠠᠶᠢᠷᠢᠯᠠᠭᠤᠯᠤᠯᠲᠠ ᠬᠢᠵᠠᠢ᠃ | ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠶᠠᠩ ᠯᠢ ᠶᠦᠨ ᠠᠯᠠᠱᠠ ᠪᠠᠷᠠᠭᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢ ᠲᠦᠯᠤᠭᠡᠯᠡᠨ ᠶᠡᠭᠡ ᠬᠤᠷᠠᠯ ᠳᠤ ᠠᠵᠢᠯ ᠤᠨ | ᠢᠯᠡᠳᠭᠡᠯ ᠬᠢᠵᠡᠢ᠃ | | | | | ᠢᠯᠡᠳᠭᠡᠯ ᠳᠤ ᠵᠢᠭᠠᠵᠦ ᠭᠠᠷᠭᠠᠭᠰᠠᠨ ᠨᠢ᠂ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠰᠢ᠂ ᠬᠤᠰᠢᠭᠤᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠡᠬᠡᠳᠤ ᠱᠠᠳᠤᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠨᠢᠮᠪᠠᠢ ᠵᠢᠯᠤᠭᠤᠳᠤᠯᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠶᠢᠨ ᠲᠤᠤᠷ᠎ᠠ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠨ ᠡᠵᠠᠨ | ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠤᠷᠭᠠᠨᠢᠭ ᠨᠢᠬᠡᠳᠦᠯ ᠢ ᠪᠠᠷᠢᠮᠳᠠᠯᠠᠨ᠂ ᠪᠦᠬᠦ ᠬᠤᠰᠢᠭᠤᠨ ᠤ | ᠬᠦᠭᠵᠢᠯᠳᠡ ᠶᠢᠨ ᠶᠡᠭᠡ ᠲᠠᠯ᠎ᠠ ᠶᠢᠨ ᠲᠤᠭᠤᠷᠢᠨ ᠳᠤ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠬᠡᠨ᠂ ᠵᠤᠷᠢᠭᠳᠡᠢ ᠪᠠᠷ ᠡᠬᠦᠷᠬᠡᠯᠡᠨ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ | ᠪᠤᠯᠤᠨ ᠠᠷᠠᠳᠴᠢᠯᠠᠭᠰᠠᠨ ᠬᠠᠤᠯᠢᠵᠢᠯ ᠤᠨ ᠪᠠᠶᠢᠭᠤᠯᠤᠯ ᠳᠤ ᠬᠤᠪᠢ ᠨᠡᠮᠡᠷᠢ ᠪᠠᠨ ᠭᠠᠷᠭᠠᠵᠠᠢ᠃ ᠨᠢᠭᠡ ᠳᠤ᠂ ᠤᠯᠤᠰ | ᠲᠦᠷᠦ ᠶᠢᠨ ᠵᠤᠭᠰᠤᠴᠠ ᠪᠠᠨ ᠲᠡᠬᠡᠭᠰᠢᠯᠡᠬᠦᠯᠦᠨ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠢ ᠵᠦᠪ ᠤᠨᠤᠪᠴᠢᠳᠡᠢ ᠤᠯᠤᠰ ᠲᠦᠷᠦ ᠶᠢᠨ ᠴᠢᠭᠯᠡᠯ ᠢᠶᠠᠷ | ᠠᠬᠢᠭᠤᠯᠵᠠᠢ᠃ ᠬᠤᠶᠠᠷ ᠲᠤ᠂ ᠭᠤᠤᠯ ᠠᠵᠢᠯ ᠤᠨ ᠲᠤᠭᠤᠷᠢᠨ ᠳᠤ᠂ ᠬᠢᠨᠡᠯᠳᠡ ᠶᠢᠨ ᠦᠷ᠎ᠡ ᠪᠦᠳᠦᠮᠵᠢ ᠪᠠᠨ | ᠲᠡᠬᠡᠭᠰᠢᠯᠡᠬᠦᠯᠦᠨ᠂ ᠬᠤᠰᠢᠭᠤ ᠲᠣᠭᠤᠷᠢᠭ ᠤᠨ ᠢᠶᠠᠨ ᠤᠨᠴᠠᠯᠢᠭᠳᠤ ᠠᠵᠤ ᠠᠬᠤᠢ ᠶᠢᠨ ᠴᠢᠨᠡᠷᠯᠢᠭ᠋ ᠬᠦᠭᠵᠢᠯᠳᠡ ᠶᠢ | ᠲᠦᠯᠬᠢᠨ ᠠᠬᠢᠭᠤᠯᠵᠠᠢ᠃ ᠭᠤᠷᠪᠠ ᠳᠤ᠂ ᠬᠠᠤᠯᠢ ᠪᠠᠷ ᠵᠢᠯᠤᠭᠤᠳᠴᠦ ᠬᠠᠤᠯᠢ ᠪᠠᠷ ᠵᠠᠰᠠᠬᠤ ᠶᠢ ᠪᠠᠳᠤᠯᠠᠨ᠂ | ᠠᠷᠠᠳᠴᠢᠯᠠᠭᠰᠠᠨ ᠬᠠᠤᠯᠢᠵᠢᠯ ᠤᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠠᠢ᠃ ᠲᠦᠷᠪᠡ ᠳᠤ᠂ | ᠠᠷᠠᠳ ᠲᠦᠮᠡᠨ ᠢ ᠲᠡᠬᠡᠳᠤᠯᠡᠵᠦ᠂ ᠠᠷᠠᠳ ᠤᠯᠠᠨ ᠤ ᠰᠡᠳᠬᠢᠯ ᠲᠠᠯᠪᠢᠵᠦ ᠪᠠᠶᠢᠭ᠎ᠠ ᠵᠤᠶᠢᠯ ᠳᠤ ᠠᠩᠬᠠᠷᠤᠯ ᠢᠶᠠᠨ | ᠲᠦᠪᠯᠡᠷᠡᠬᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠠᠢ᠃ ᠲᠠᠪᠤ ᠳᠤ᠂ ᠠᠵᠢᠯ ᠤᠨ ᠠᠷᠭ᠎ᠠ ᠬᠡᠯᠪᠡᠷᠢ ᠪᠠᠨ | ᠰᠢᠨᠡᠳᠬᠡᠨ᠂ ᠲᠦᠯᠦᠬᠡᠯᠡᠭᠴᠢᠳ ᠤᠨ ᠲᠤᠰᠢᠶᠠᠯ ᠢᠶᠠᠨ ᠬᠦᠢᠴᠡᠳᠬᠡᠬᠦ ᠳᠤ ᠤᠶᠢᠯᠡᠴᠢᠯᠡᠨ᠂ ᠭᠤᠤᠯ ᠴᠤᠭᠴᠠ ᠶᠢᠨ | ᠤᠶᠢᠯᠡᠳᠤᠯ ᠢᠶᠠᠨ ᠬᠦᠢᠴᠡᠳ ᠪᠠᠳᠠᠷᠠᠭᠤᠯᠪᠠ᠃ ᠵᠢᠷᠭᠤᠭ᠎ᠠ ᠳᠤ᠂ ᠦᠨᠳᠦᠰᠦᠨ ᠱᠠᠳᠤᠨ ᠤ ᠰᠠᠭᠤᠷᠢ ᠶᠢ | ᠪᠠᠳᠤᠵᠢᠭᠤᠯᠵᠦ᠂ ᠬᠠᠷᠢᠯᠴᠠᠵᠦ ᠵᠢᠯᠤᠭᠤᠳᠬᠤ ᠪᠠᠨ ᠴᠢᠩᠭᠠᠳᠬᠠᠭᠰᠠᠨ ᠠᠴᠠ ᠰᠤᠮᠤ ᠪᠠᠯᠭᠠᠰᠤᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠨᠢ ᠯᠠᠪᠳᠠᠭᠤᠨ ᠢᠶᠠᠷ ᠦᠷᠨᠢᠵᠦ ᠪᠤᠳᠠᠳᠤ ᠦᠷ᠎ᠡ ᠪᠦᠳᠦᠮᠵᠢ ᠶᠢ | ᠤᠯᠤᠭᠰᠠᠨ ᠪᠠᠶᠢᠨ᠎ᠠ᠃ ᠲᠤᠯᠤᠭ᠎ᠠ ᠳᠤ᠂ ᠦᠵᠡᠯ ᠰᠠᠨᠠᠭ᠎ᠠ ᠪᠠᠷ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠦ᠂ | ᠲᠤᠰ ᠪᠡᠶ᠎ᠡ ᠶᠢᠨ ᠪᠠᠶᠢᠭᠤᠯᠤᠯᠳᠠ ᠪᠠᠨ ᠪᠠᠳᠤᠵᠢᠭᠤᠯᠤᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠠᠵᠢᠯ ᠤᠨ ᠪᠦᠬᠦᠯᠢ ᠴᠤᠭᠴᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠡᠢ᠃ | ᠢᠯᠡᠳᠭᠡᠯ ᠳᠤ ᠵᠢᠭᠠᠵᠦ ᠭᠠᠷᠭᠠᠭᠰᠠᠨ ᠨᠢ᠂ ᠠᠯᠠᠱᠠ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ | ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠨᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢᠨ ᠤᠯᠤᠰ | ᠲᠦᠷᠦ ᠶᠢᠨ ᠵᠠᠷᠴᠢᠮ ᠢ ᠪᠠᠷᠢᠮᠳᠠᠯᠠᠨ᠂ ᠤᠯᠤᠰ ᠲᠦᠷᠦ ᠶᠢᠨ ᠵᠦᠪ ᠴᠢᠭᠯᠡᠯ ᠢ ᠪᠠᠳᠤ ᠴᠢᠩᠭ᠎ᠠ ᠠᠳᠬᠤᠨ᠎ᠡ᠃ | ᠨᠡᠶᠢᠬᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠤᠤᠷ ᠴᠢᠨᠡᠷ ᠤᠨ ᠱᠠᠭᠠᠷᠳᠠᠯᠭ᠎ᠠ ᠶᠢ ᠪᠠᠷᠢᠮᠳᠠᠯᠠᠨ᠂ | ᠠᠷᠠᠳ ᠤᠨ ᠠᠷᠳᠴᠢᠯᠠᠯ ᠢ ᠪᠦᠬᠦ ᠶᠠᠪᠤᠴᠠ ᠳᠤ ᠪᠡᠶᠡᠯᠡᠬᠦᠯᠦᠨ᠎ᠡ᠃ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ | ᠳᠤ ᠤᠶᠢᠯᠡᠴᠢᠯᠡᠨ᠂ ᠬᠢᠨᠡᠯᠳᠡ ᠲᠠᠯᠪᠢᠬᠤ ᠪᠤᠳᠠᠳᠤ ᠦᠷ᠎ᠡ ᠪᠦᠳᠦᠮᠵᠢ ᠪᠠᠨ ᠨᠡᠮᠡᠭᠳᠡᠬᠦᠯᠦᠨ᠎ᠡ᠃ ᠠᠷᠠᠳ ᠲᠦᠮᠡᠨ ᠢ | ᠲᠦᠯᠦᠬᠡᠯᠡᠨ ᠡᠷᠬᠡ ᠲᠤᠰᠢᠶᠠᠯ ᠢᠶᠠᠨ ᠬᠡᠷᠡᠭᠵᠢᠬᠦᠯᠦᠨ ᠡᠬᠦᠷᠬᠡ ᠬᠠᠷᠢᠭᠤᠴᠠᠯᠭ᠎ᠠ ᠪᠠᠨ ᠲᠤᠭᠳᠠᠭᠠᠵᠦ᠂ ᠲᠦᠯᠦᠬᠡᠯᠡᠭᠴᠢ | ᠶᠢᠨ ᠠᠵᠢᠯ ᠢ ᠬᠦᠨᠵᠡᠬᠡᠶᠢᠷᠡᠬᠦᠯᠦᠨ᠎ᠡ᠃ ︽ᠲᠦᠷᠪᠡᠨ ᠪᠠᠶᠢᠭᠤᠯᠭ᠎ᠠ︾ ᠶᠢᠨ ᠱᠠᠭᠠᠷᠳᠠᠯᠭ᠎ᠠ ᠶᠤᠰᠤᠭᠠᠷ᠂ ᠪᠠᠶᠢᠩᠭᠤ | ᠶᠢᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ᠢᠯᠡᠳᠭᠡᠯ ᠳᠤ ᠨᠠᠮ ᠤᠨ ᠪᠦᠬᠦ ᠲᠠᠯ᠎ᠠ | ᠶᠢᠨ ᠤᠳᠤᠷᠢᠳᠤᠯᠭ᠎ᠠ ᠶᠢ ᠪᠠᠷᠢᠮᠳᠡᠯᠡᠬᠤ᠂ ᠬᠢᠨᠡᠯᠳᠡ ᠲᠠᠯᠪᠢᠬᠤ ᠪᠤᠳᠠᠳᠦ ᠦᠷ᠎ᠡ ᠪᠦᠳᠦᠮᠵᠢ ᠪᠠᠨ ᠲᠡᠭᠡᠭᠰᠢᠯᠡᠬᠦᠯᠬᠦ᠂ | ᠴᠢᠬᠤᠯᠠ ᠵᠦᠢᠯᠡᠰ ᠢ ᠶᠠᠷᠢᠯᠴᠠᠨ ᠲᠤᠭᠳᠠᠭᠠᠵᠦ᠂ ᠺᠠᠳ᠋ᠷ ᠢ ᠰᠤᠩᠭᠤᠨ ᠲᠤᠮᠢᠯᠠᠵᠦ ᠪᠠᠭᠤᠯᠭᠠᠬᠤ᠂ ᠲᠦᠯᠦᠬᠡᠯᠡᠭᠴᠢᠳ | ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠳᠤ ᠦᠢᠯᠡᠴᠢᠯᠡᠬᠦ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠬᠤ ᠲᠠᠪᠤᠨ ᠲᠠᠯ᠎ᠠ ᠪᠠᠷ 2022 ᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ | ᠳᠤ ᠪᠠᠶᠢᠷᠢᠯᠠᠭᠤᠯᠤᠯᠲᠠ ᠬᠢᠵᠠᠢ᠃ | | | | | ᠬᠤᠷᠠᠯ ᠤᠨ ᠲᠠᠷᠠᠭᠠᠯᠠᠯ ᠢ ᠦᠨᠳᠤᠰᠤᠯᠠᠨ᠂ ᠲᠡᠷᠢᠬᠦᠯᠡᠭᠴᠢᠳ ᠤᠨ ᠪᠦᠯᠬᠦᠮ ᠤᠨ ᠲᠣᠭᠲᠠᠭᠠᠯ ᠢᠶᠠᠷ᠂ | ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ︽ᠠᠯᠠᠱᠠ ᠪᠠᠷᠠᠭᠤᠨ ᠬᠤᠰᠢᠭᠤᠨ ᠤ 2021 | ᠤᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢ | ᠬᠡᠷᠡᠭᠵᠢᠬᠦᠯᠦᠭᠰᠡᠨ ᠪᠠᠶᠢᠳᠡᠯ ᠵᠢᠴᠢ 2022 ᠤᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠬᠡᠮ ᠤᠨ | ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠤᠨ ᠮᠡᠳᠡᠬᠦᠯᠦᠯᠳᠡ︾ ︽ᠠᠯᠠᠱᠠ ᠪᠠᠷᠠᠭᠤᠨ ᠬᠤᠰᠢᠭᠤᠨ ᠤ | 2021 ᠤᠨ ᠤ ᠡᠳ᠋ ᠤᠨ ᠵᠠᠰᠠᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠳᠡᠯ ᠪᠤᠯᠤᠨ 2022 ᠤᠨ ᠤ ᠡᠳ᠋ | ᠤᠨ ᠵᠠᠰᠠᠭ ᠤᠨ ᠲᠦᠰᠦᠪ ᠤᠨ ᠲᠦᠰᠦᠯ ᠤᠨ ᠮᠡᠳᠡᠭᠦᠯᠦᠯᠳᠡ︾ ᠶᠢ ᠲᠠᠷᠬᠠᠭᠠᠨ᠂ ᠲᠦᠯᠦᠭᠡᠯᠡᠭᠴᠢᠳ ᠬᠢᠨᠡᠨ | ᠵᠥᠪᠯᠡᠨ᠎ᠡ᠃ | | | | | ᠲᠦᠯᠦᠭᠡᠯᠡᠭᠴᠢ ᠪᠤᠰᠤ ᠬᠤᠰᠢᠭᠤᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ᠂ ᠲᠦᠯᠦᠭᠡᠯᠡᠭᠴᠢ ᠪᠤᠰᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠪᠦᠷᠢᠯᠳᠦᠬᠦᠨ | ᠭᠡᠰᠢᠭᠦᠨ᠂ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠤᠷᠤᠯᠠᠭᠴᠢ ᠲᠠᠷᠤᠭ᠎ᠠ᠂ ᠬᠤᠰᠢᠭᠤᠨ ᠤ ᠠᠷᠠᠳ ᠤᠨ | ᠪᠠᠶᠢᠴᠠᠭᠠᠬᠤ ᠬᠤᠷᠢᠶᠠᠨ ᠤ ᠤᠷᠤᠯᠠᠭᠴᠢ ᠲᠠᠷᠤᠭ᠎ᠠ᠂ ᠰᠤᠮᠤ ᠪᠠᠯᠭᠠᠰᠦᠨ ᠤ ᠨᠠᠮ ᠤᠨ ᠬᠤᠷᠢᠶᠠᠨ ᠤ ᠱᠦᠵᠢ᠂ | ᠰᠤᠮᠤᠨ ᠲᠠᠷᠤᠭ᠎ᠠ ︵ᠪᠠᠯᠭᠠᠰᠤᠨ ᠲᠠᠷᠤᠭ᠎ᠠ︶ ᠪᠠ ᠬᠡᠰᠡᠭ ᠠᠵᠢᠯ ᠦᠢᠯᠡᠰ ᠤᠨ ᠪᠠᠶᠢᠭᠤᠯᠭ᠎ᠠ ᠶᠢᠨ ᠬᠠᠷᠢᠭᠤᠴᠠᠯᠭᠠᠲᠠᠨ | ᠂ ᠲᠦᠯᠦᠭᠡᠯᠡᠭᠴᠢ ᠪᠤᠰᠤ ᠰᠠᠭᠤᠷᠢᠰᠢᠭ᠎ᠠ ᠴᠡᠷᠢᠭ ᠠᠩᠬᠢ᠂ ᠲᠡᠭᠡᠷ᠎ᠡ ᠱᠠᠳᠤᠨ ᠤ ᠬᠤᠰᠢᠭᠤᠨ ᠳᠤ ᠰᠠᠭᠤᠷᠢᠰᠢᠭ᠎ᠠ ᠡᠯ᠎ᠡ | ᠰᠠᠯᠠᠭ᠎ᠠ ᠮᠦᠴᠢᠷ ᠪᠠ ᠡᠯ᠎ᠡ ᠠᠵᠦ ᠠᠬᠤᠶᠢᠯᠠᠯ ᠤᠨ ᠬᠠᠷᠢᠭᠤᠴᠠᠯᠭᠠᠲᠠᠨ᠂ ᠬᠤᠰᠢᠭᠤᠨ ᠳᠤ ᠪᠠᠶᠢᠭ᠎ᠠ ᠦᠪᠡᠷᠳᠡᠭᠡᠨ | ᠵᠠᠰᠠᠬᠤ ᠤᠷᠤᠨ ᠤ ᠨᠠᠮ ᠤᠨ ᠲᠦᠯᠦᠭᠡᠯᠡᠭᠴᠢ᠂ ᠠᠷᠠᠳ ᠤᠨ ᠲᠦᠯᠦᠭᠡᠯᠡᠭᠴᠢ᠂ ᠠᠬᠠᠮᠠᠳ ᠺᠠᠳ᠋ᠷ ᠤᠨ ᠲᠦᠯᠦᠭᠡᠯᠡᠭᠴᠢ | ᠂ ᠤᠯᠤᠰ ᠲᠦᠷᠦ ᠶᠢᠨ ᠵᠦᠪᠯᠡᠯᠬᠡᠨ ᠤ ᠪᠦᠬᠦ ᠬᠡᠰᠢᠬᠦᠳ ᠬᠤᠷᠠᠯ ᠳᠤ ᠰᠤᠯᠠ ᠪᠠᠷ ᠤᠷᠤᠯᠴᠠᠭᠰᠠᠨ ᠪᠠᠶᠢᠨ᠎ᠠ᠃ | | |