ᠲᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠪᠠᠷᠠᠭᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ︵ᠦᠷᠭᠡᠳᠭᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠵᠤ ᠡᠬᠢᠯᠡᠭᠰᠡᠨ
ᠨᠡᠶᠢᠲᠡᠯᠡᠭᠰᠡᠨ ᠴᠠᠭ᠄
2022/1/19
     1 ᠰᠠᠷ᠎ᠠ ᠶᠢᠨ 10 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠪᠠᠷᠠᠭᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ︵ᠦᠷᠭᠡᠳᠭᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠪᠠᠳᠠᠢ ᠶᠢᠨ ᠵᠢᠷᠡᠨ ᠪᠠᠯᠭᠠᠰᠤᠨ ᠳᠤ ᠬᠤᠷᠠᠯᠳᠤᠵᠤ ᠡᠬᠢᠯᠡᠯ᠎ᠡ᠃ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠢᠨ ᠫᠢᠩ ᠬᠤᠷᠠᠯ ᠳᠤ ᠤᠷᠤᠯᠴᠠᠨ ᠪᠡᠶᠡᠷ ᠤᠨ ᠦᠭᠡ ᠭᠡᠯᠡᠵᠤ᠂ ᠬᠤᠰᠢᠭᠤᠨ ᠤ ᠨᠠᠮ  ᠤᠨ ᠬᠤᠷᠢᠶᠠᠨ ᠤ ᠱᠦᠵᠢ ᠯᠢᠦ ᠴᠦᠩ ᠰᠢᠶᠣᠣ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠤᠷᠤᠯᠠᠭᠴᠢ ᠲᠠᠷᠤᠭ᠎ᠠ ᠵᠢᠶᠠᠩ ᠪᠢᠩ ᠵᠢᠶᠧ ᠬᠤᠷᠠᠯ ᠢ ᠡᠷᠬᠢᠯᠡᠵᠡᠢ᠃
     ᠬᠤᠷᠠᠯ ᠠᠴᠠ ᠵᠢᠭᠠᠨ ᠭᠠᠷᠭᠠᠭᠰᠨ ᠨᠢ᠂ 2021 ᠤᠨ ᠪᠤᠯ ᠠᠯᠠᠱᠠ ᠪᠠᠷᠠᠭᠤᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨ᠎ᠡ ᠠᠶᠠᠨ ᠢᠶᠠᠨ ᠡᠬᠢᠯᠡᠭᠦᠯᠬᠦ ᠠᠩᠬᠠᠨ ᠤ ᠵᠢᠯ ᠮᠦᠨᠴᠦ ᠬᠥᠭᠵᠢᠯᠲᠡ ᠶᠢᠨ ᠰᠡᠳᠬᠢᠴᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠶᠢᠯᠡᠳᠦᠯᠬᠡ ᠳᠤᠮᠳᠠ ᠲᠠᠰᠤᠷᠠᠯᠲᠠ ᠥᠬᠡᠶ ᠣᠷᠣᠭᠰᠢᠯᠠᠨ ᠰᠢᠨ᠎ᠡ ᠶᠢ ᠡᠭᠦᠳᠬᠦ ᠴᠢᠬᠤᠯᠠ ᠨᠢᠭᠡ ᠵᠢᠯ ᠪᠤᠯᠤᠨ᠎ᠠ᠃ ᠨᠢᠭᠡ ᠵᠢᠯ ᠤᠨ ᠲᠤᠷᠰᠢ᠂ ᠪᠦᠬᠦ ᠬᠤᠰᠢᠭᠤ  ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠬᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠪᠣᠳᠠᠲᠠᠶ ᠠᠵᠢᠯᠯᠠᠨ᠂ ᠡᠷᠡᠮᠡᠬᠡᠶᠢᠯᠡᠨ ᠤᠷᠤᠭᠰᠢᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ ᠂ ᠬᠤᠰᠢᠭᠤ ᠲᠣᠭᠤᠷᠢᠭ ᠤᠨ ᠢᠶᠠᠨ ᠠᠵᠤ ᠠᠬᠤᠶ ᠶᠢ ᠲᠣᠭᠲᠠᠭᠤᠨ ᠲᠤᠮᠳᠠ ᠯᠠᠪᠳᠠᠭᠤᠨ ᠲᠦᠯᠬᠢᠨ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠪᠦᠲᠦᠮᠵᠢᠲᠡᠶ ᠪᠠᠷ ᠰᠠᠶᠢᠵᠢᠷᠠᠭᠤᠯᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠨ᠂ ᠡᠯ᠎ᠡ ᠲᠦᠷᠤᠯ ᠤᠨ ᠠᠵᠢᠯ ᠦᠢᠯᠡᠰ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠥᠭᠵᠢᠯᠲᠡ ᠶᠢ ᠵᠠᠯᠭᠠᠮᠵᠢᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠠᠮᠵᠢᠯᠳᠠ ᠲᠠᠢ ᠡᠬᠢᠯᠡᠬᠦᠯᠵᠡᠢ᠃
     ᠬᠤᠷᠠᠯ ᠳᠤ ᠴᠢᠬᠤᠯᠠᠴᠢᠯᠠᠭᠰᠠᠨ ᠨᠢ᠂ ᠣᠳᠣᠬᠠᠨ ᠳᠤ᠂ ᠮᠠᠨ ᠤ ᠬᠤᠰᠢᠭᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ  ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠤᠨ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠬᠢᠯᠠᠰ ᠴᠡᠭ ᠢ ᠪᠤᠶᠢᠵᠢᠭᠤᠯᠵᠤ᠂ ᠬᠤᠰᠢᠭᠤᠨ ᠤ ᠠᠵᠤ ᠠᠬᠤᠶ ᠶᠢᠨ ᠪᠣᠳᠠᠲᠤ ᠬᠦᠴᠦᠨ ᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠴᠢᠬᠤᠯᠠ ᠴᠠᠭ ᠬᠤᠭᠤᠴᠠᠭ᠎ᠠ ᠮᠥᠨ᠂ ᠪᠢᠳᠡ ᠡᠷᠬᠡᠪᠰᠢ ᠡᠨᠡ ᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠪᠠᠲᠤ ᠡᠵᠡᠮᠳᠡᠨ᠎ᠡ᠃ ᠤᠳᠤᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠲᠤᠯᠭᠠᠷᠠᠵᠤ ᠪᠦᠭᠦᠢ ᠠᠵᠠ ᠲᠣᠬᠢᠶᠠᠯ ᠪᠠ ᠥᠷᠢᠰᠥᠯᠳᠦᠭᠡᠨ ᠳᠤ ᠪᠤᠰᠤᠳᠴᠢ ᠪᠠᠷ ᠵᠠᠳᠠᠯᠤᠯᠲᠠ ᠬᠢᠵᠦ᠂ ᠲᠣᠬᠢᠶᠠᠯ ᠢ ᠵᠠᠪᠳᠤᠨ ᠤᠷᠤᠭᠰᠢᠯᠠᠨ᠎ᠠ᠃ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠨᠡᠮᠡᠭᠳᠡᠭᠦᠯᠦᠨ᠂ ᠪᠠᠶᠢᠳᠠᠯ ᠢ ᠪᠤᠳᠤᠯᠢᠶᠠᠨᠲᠠᠢ ᠪᠣᠳᠣᠯᠬᠢᠯᠠᠨ᠂ ᠥᠷᠢᠰᠥᠯᠳᠦᠭᠡᠨ ᠢ ᠬᠦᠨᠳᠦ ᠬᠡᠴᠡᠭᠦᠦ ᠪᠠᠷ ᠦᠵᠡᠵᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠭᠦᠢᠴᠡᠳ ᠪᠣᠳᠣᠯᠬᠢᠯᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠦᠨᠡᠨᠬᠦ ᠴᠢᠩᠭᠠᠳᠬᠠᠨ᠎ᠠ᠃  
     ᠬᠤᠷᠠᠯ ᠳᠤ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠨᠢᠭᠡ ᠬᠤᠭᠤᠴᠠᠭᠠᠨ ᠤ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠰᠡᠳᠬᠢᠴᠡ ᠪᠣᠯ᠄ ᠠᠮᠢ ᠠᠬᠤᠶ ᠶᠢ ᠲᠡᠷᠢᠭᠦᠨ ᠳᠤ ᠲᠠᠯᠪᠢᠵᠤ᠂ ᠨᠣᠭᠤᠭᠠᠨ ᠭᠥᠭᠵᠢᠯᠲᠡ ᠶᠢᠨ ᠤᠶᠢᠯᠠᠭᠠᠭᠳᠠᠬᠤᠨ ᠢ  ᠪᠣᠶ ᠪᠣᠯᠭᠠᠵᠤ᠂ ᠬᠥᠭᠵᠢᠯᠲᠡ ᠶᠢ ᠠᠬᠢᠭᠤᠯᠤᠨ᠂ ᠲᠡᠮᠡᠬᠡᠨ ᠰᠠᠭᠠᠯᠢ ᠶᠢᠨ ᠠᠵᠤ ᠤᠶᠢᠯᠡᠰ ᠤᠨ ᠲᠥᠪᠯᠡᠷᠡᠭᠦᠯᠵᠦ ᠲᠠᠷᠬᠠᠭᠠᠬᠤ ᠲᠥᠪ᠂ ᠪᠠᠶᠢᠭᠠᠯᠢ ᠶᠢᠨ ᠬᠤᠵᠢᠷ ᠢ ᠤᠶᠢᠯᠡᠳᠪᠤᠷᠢᠯᠡᠵᠦ ᠡᠳ᠋ᠰᠢᠬᠦᠯᠵᠦ ᠪᠣᠷᠣᠯᠠᠭᠤᠯᠬᠤ ᠲᠥᠪ᠂ ᠡᠯᠡᠰᠦ ᠮᠠᠩᠬᠠᠨ ᠤ ᠵᠢᠭᠤᠯᠴᠢᠯᠠᠯ ᠤᠨ ᠬᠠᠷᠠᠯᠳᠠᠳᠤ ᠤᠷᠤᠨ ᠪᠠ ᠵᠢᠭᠤᠯᠴᠢᠯᠠᠯ ᠤᠨ ᠲᠥᠪᠯᠡᠷᠡᠭᠦᠯᠵᠦ ᠲᠠᠷᠬᠠᠭᠠᠬᠤ ᠲᠥᠪ ᠢ ᠪᠠᠶᠢᠭᠤᠯᠵᠤ᠂ ᠢᠲᠡᠭᠡᠯ ᠢᠶᠠᠷ ᠬᠥᠲᠥᠯᠦᠨ ᠳᠠᠭᠠᠭᠤᠯᠬᠤ ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠺᠠᠳ᠋ᠷ ᠢᠶᠠᠷ ᠬᠥᠲᠥᠯᠦᠨ ᠳᠠᠭᠠᠭᠤᠯᠬᠤ᠂ ᠰᠤᠷᠲᠠᠯ ᠢᠶᠠᠷ ᠬᠥᠲᠥᠯᠦᠨ ᠳᠠᠭᠠᠭᠤᠯᠬᠤ ᠶᠢ  ᠴᠢᠩᠭᠠᠷᠠᠭᠤᠯᠤᠨ᠎ᠠ᠃
     ᠬᠤᠷᠠᠯ ᠠᠴᠠ ᠵᠢᠭᠠᠨ ᠭᠠᠷᠭᠠᠭᠠᠰᠨ ᠨᠢ᠂ 2022 ᠣᠨ ᠤ ᠪᠦᠬᠦ ᠬᠤᠰᠢᠭᠤᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠬᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠶᠢᠨ ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠣᠣᠱᠯᠠᠭᠤᠯᠵᠦ᠂ ᠠᠭᠤᠤ ᠶᠡᠭᠡ ᠨᠠᠮ ᠪᠠᠶᠢᠭᠤᠯᠤᠭᠳᠠᠭᠰᠠᠨ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠲᠣᠭᠲᠠᠭᠤᠨ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠭᠤᠣᠯ ᠰᠠᠨᠠᠭ᠎ᠠ ᠶᠢ ᠪᠠᠷᠢᠮᠲᠠᠯᠠᠵᠤ᠂ ᠪᠦᠭᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠦ᠂ ᠰᠢᠨ᠎ᠡ ᠪᠠᠶᠢᠳᠠᠯ ᠳᠤ ᠵᠣᠬᠢᠴᠠᠨ᠂ ᠰᠢᠨ᠎ᠡ ᠠᠶᠠᠨ ᠳᠤ ᠡᠷᠡᠯᠬᠡᠭᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠨᠣᠭᠤᠭᠠᠨ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠦᠨᠳᠦᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠲᠤᠨ᠎ᠠ᠃
     ᠬᠤᠷᠠᠯ ᠳᠤ ᠴᠢᠬᠤᠯᠠᠴᠢᠯᠠᠭᠰᠠᠨ ᠨᠢ᠂ 2022 ᠤᠨ ᠤ ᠠᠵᠢᠯ ᠤᠨ ᠡᠬᠦᠷᠭᠡ ᠬᠦᠨᠳᠤ᠂ ᠬᠦᠴᠢᠷᠳᠡᠯ ᠢ ᠢᠯᠠᠨ ᠲᠠᠪᠠᠵᠤ ᠨᠠᠶᠢᠳᠠᠪᠦᠷᠢᠵᠢᠯᠡᠨ ᠲᠤᠤᠱᠯᠠᠭᠤᠯᠤᠨ᠎ᠠ᠃ ᠠᠭᠤᠯᠠ ᠤᠰᠤ ᠤᠢ ᠰᠢᠭᠤᠢ ᠲᠠᠷᠢᠶᠠᠯᠠᠩ ᠨᠠᠭᠤᠷ ᠴᠦᠬᠦᠷᠦᠮ ᠡᠪᠡᠰᠤ ᠪᠡᠯᠴᠢᠭᠡᠷ ᠡᠯᠡᠰᠤ ᠮᠠᠩᠬ᠎ᠠ ᠶᠢᠨ ᠰᠢᠰᠲ᠋ᠧᠮ ᠲᠠᠢ ᠵᠠᠰᠠᠬᠤ ᠶᠢ ᠨᠢᠭᠡᠳᠤᠯᠲᠠᠢ ᠲᠦᠯᠦᠪᠯᠡᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠤᠨ ᠨᠥᠬᠦᠪᠤᠷᠢ᠂ ᠨᠡᠶᠢᠲᠡ ᠶᠢᠨ ᠠᠰᠠᠷᠠᠮᠵᠢ ᠶᠢᠨ ᠤᠢ ᠶᠢᠨ ᠠᠮᠢ ᠠᠬᠤᠢ ᠶᠢᠨ ᠦᠷ᠎ᠡ ᠠᠰᠢᠭᠳᠤ ᠨᠥᠬᠦᠪᠤᠷᠢ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠲᠥᠰᠥᠯ ᠢ ᠵᠣᠭᠢᠴᠠᠩᠭᠤᠢ ᠬᠡᠷᠡᠭᠵᠢᠭᠦᠯᠵᠦ᠂ ᠬᠥᠬᠡ ᠲᠡᠭᠷᠢ᠂ ᠬᠥᠬᠡᠮᠳᠦᠭ ᠤᠰᠤ᠂ ᠪᠠᠶᠢᠭᠠᠯᠢᠯᠢᠭ ᠭᠠᠵᠠᠷ ᠢ ᠬᠠᠮᠠᠭᠠᠯᠠᠨ᠂ ᠠᠮᠢ ᠠᠬᠤᠢ ᠶᠢᠨ ᠠᠮᠤᠷ ᠲᠦᠪᠰᠢᠡ ᠤ ᠬᠠᠯᠬᠠᠪᠴᠢ ᠶᠢ ᠪᠠᠶᠢᠭᠤᠯᠤᠨ᠎ᠠ᠃ ᠠᠵᠤ ᠦᠢᠯᠡᠰ ᠤᠨ ᠪᠦᠳᠦᠴᠡ ᠶᠢ ᠰᠢᠯᠢᠳᠡᠭᠵᠢᠭᠦᠯᠬᠦ ᠶᠢ ᠲᠦᠷᠭᠡᠳᠬᠡᠨ᠂ ᠢᠩᠭᠡᠨ ᠰᠦ ᠶᠢᠨ ᠠᠵᠤ ᠦᠢᠯᠡᠰ ᠢ ᠬᠦᠴᠦᠷᠬᠡᠭ ᠪᠣᠯᠭᠠᠵᠤ᠂ ᠤᠰᠤ ᠠᠷᠪᠢᠯᠠᠬᠤ᠂ ᠤᠷᠭᠠᠨᠢᠭ᠂ ᠦᠨᠳᠦᠷ ᠠᠰᠢᠭᠳᠤ ᠲᠠᠷᠢᠶᠠᠯᠠᠩ ᠤᠨ ᠦᠢᠯᠡᠰ ᠢ ᠲᠦᠷᠭᠡᠡ ᠢᠶᠠᠷ ᠭᠦᠭᠵᠢᠬᠦᠯᠤᠨ᠎ᠡ᠃ ᠪᠦᠬᠦ ᠬᠤᠰᠢᠭᠤ ᠪᠠᠷ ᠢᠶᠠᠨ ᠪᠥᠸᠧ ᠶᠤᠸᠠᠠ ᠪᠠᠶᠢᠭᠠᠯᠢ ᠶᠢᠨ ᠬᠤᠵᠢᠷ ᠤᠨ ᠲᠥᠰᠥᠯ ᠤᠨ ᠪᠦᠳᠦᠭᠡᠡ ᠪᠠᠶᠢᠭᠤᠯᠤᠯᠲᠠ ᠶᠢ ᠲᠦᠯᠬᠢᠡ ᠠᠬᠢᠭᠤᠯᠵᠦ᠂ ᠲᠠᠪᠤᠰᠤ ᠱᠤᠤ ᠶᠢᠨ ᠬᠢᠮᠢ ᠶᠢᠨ ᠦᠢᠯᠡᠳᠪᠤᠷᠢ᠂ ᠤᠯᠠᠠ ᠡᠰᠢᠲᠦ ᠲᠡᠮᠦᠷᠯᠢᠭ ᠢ ᠰᠤᠩᠭᠤᠡ ᠪᠤᠯᠪᠠᠰᠤᠷᠠᠭᠤᠯᠬᠤ᠂ ᠨᠡᠭᠦᠷᠡᠰᠤ ᠵᠡᠷᠭᠡ ᠤᠯᠠᠮᠵᠢᠯᠠᠯᠳᠤ ᠠᠵᠤ ᠦᠢᠯᠡᠰ ᠢ ᠬᠡᠯᠪᠡᠷᠢ ᠬᠤᠪᠢᠷᠭᠠᠨ ᠳᠡᠰ ᠲᠡᠪᠰᠢᠭᠦᠯᠦᠨ᠎ᠡ᠃ ᠰᠤᠶᠤᠯ ᠪᠠ ᠵᠢᠭᠤᠯᠴᠢᠯᠠᠯ   ᠢ ᠬᠥᠨᠵᠡᠭᠡᠢ ᠠᠭᠤᠰᠤᠯᠴᠠᠭᠤᠯᠵᠤ᠂ ︽ᠬᠡᠭᠡᠷᠯᠡᠡ ᠠᠶᠠᠯᠠᠬᠤ e  ᠪᠦᠯᠦᠭ︾ ᠤᠨ ᠪᠠᠭᠠᠳᠤᠷᠴᠤᠳ ᠤᠨ ᠴᠤᠭᠯᠠᠭᠠᠠ ᠢ ᠴᠢᠨᠠᠷᠯᠢᠭ ᠬᠢᠨ᠎ᠡ᠃ ︽ᠲᠥᠰᠥᠯ ᠢ ᠲᠥᠯᠥᠪᠵᠢᠭᠦᠯᠦᠨ ᠨᠥᠭᠡᠴᠡᠯᠡᠬᠦ ᠶᠢ ᠠᠳᠬᠤᠵᠤ᠂ ᠰᠢᠨ᠎ᠡ ᠪᠠᠷ ᠪᠠᠶᠢᠭᠤᠯᠬᠤ ᠲᠥᠰᠥᠯ ᠤᠨ ᠠᠵᠢᠯ ᠡᠬᠢᠯᠡᠭᠦᠯᠬᠦ ᠶᠢ ᠠᠳᠬᠤᠨ᠂ ᠪᠠᠶᠢᠭᠤᠯᠵᠤ ᠪᠣᠢ ᠲᠥᠰᠥᠯ ᠤᠨ ᠠᠬᠢᠴᠠ ᠶᠢ ᠠᠳᠬᠤᠵᠤ᠂ ᠨᠢᠬᠡᠨᠲᠡ ᠪᠠᠶᠢᠭᠤᠯᠤᠭᠰᠠᠨ ᠲᠥᠰᠥᠯ ᠤᠨ ᠠᠵᠢᠯᠯᠠᠭᠠᠨ ᠢ ᠠᠳᠬᠤᠬᠤ︾ ᠪᠠᠶᠢᠳᠠᠯ ᠢ ᠪᠣᠶ ᠪᠤᠯᠭᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠦᠭᠡᠢ ᠴᠢᠩᠭᠠᠳᠬᠠᠨ᠂ ᠰᠤᠷᠭᠠᠨ ᠬᠦᠮᠤᠵᠢᠯ᠂ ᠡᠮ ᠡᠮᠨᠡᠯᠭᠡ᠂ ᠨᠠᠰᠤᠵᠢᠯ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠳᠤᠲᠠᠭᠳᠠᠯ ᠢ ᠨᠦᠬᠦᠪᠦᠷᠢᠯᠡᠵᠤ᠂ ᠤᠯᠠᠨ ᠲᠦᠮᠡᠨ ᠤ ᠰᠡᠳᠬᠢᠯ ᠳᠤ ᠬᠠᠨᠤᠮᠵᠢᠲᠠᠢ ᠪᠣᠯᠭᠠᠨ᠎ᠠ᠃ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠪᠥᠬᠦ ᠲᠠᠯ᠎ᠠ ᠪᠠᠷ ᠭᠡᠷᠡᠭᠵᠢᠬᠦᠯᠦᠨ᠂ ᠵᠥᠷᠢᠴᠡᠯ ᠵᠠᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠂ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠶᠢ ᠬᠠᠮᠠᠭᠠᠯᠠᠨ᠎ᠠ᠃
     ᠬᠤᠷᠠᠯ ᠳᠤ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ  ᠲᠤᠤᠱᠯᠠᠭᠤᠯᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ  ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠵᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ  ᠠᠪᠢᠯᠭᠠᠯ ᠢ ᠡᠰᠡᠷᠭᠦᠴᠡᠬᠦ ᠶᠢ ᠢᠮᠠᠭᠲᠠ  ᠪᠠᠷᠢᠮᠳᠠᠯᠠᠨ᠎ᠠ᠃
     ᠬᠤᠷᠠᠯ ᠠᠴᠠ᠂ ᠪᠦᠬᠦ ᠬᠤᠰᠢᠭᠤᠨ ᠤ ᠡᠯ᠎ᠡ ᠦᠨᠳᠤᠰᠳᠤᠳᠡᠨ ᠤ ᠺᠠᠳᠠᠷ ᠣᠯᠠᠨ ᠲᠦᠮᠡᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠤᠯᠬᠦᠮᠳᠡᠵᠦ᠂ ᠨᠠᠮ ᠪᠠᠶᠢᠭᠤᠯᠤᠭᠳᠠᠭᠰᠠᠨ ᠠᠭᠤᠤ ᠶᠡᠭᠡ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠡᠯ᠎ᠡ ᠦᠨᠳᠦᠰᠦᠲᠡᠨ  ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠳᠠᠶᠢᠴᠢᠯᠠᠵᠤ᠂ ᠰᠢᠨ᠎ᠡ ᠪᠠᠶᠢᠳᠠᠯ ᠳᠤ ᠨᠡᠶᠢᠴᠡᠵᠦ᠂ ᠰᠢᠨ᠎ᠡ ᠠᠶᠠᠠ ᠳᠤ ᠡᠷᠡᠯᠭᠡᠭᠯᠡᠨ ᠤᠷᠤᠭᠰᠢᠯᠠᠵᠦ᠂ ᠠᠮᠢ ᠠᠬᠤᠢ ᠶᠢ ᠲᠡᠷᠢᠭᠦᠡ ᠳᠤ ᠲᠠᠯᠪᠢᠡ᠂ ᠨᠣᠭᠤᠭᠠᠨ ᠭᠥᠭᠵᠢᠯᠲᠡ ᠪᠠᠷ ᠤᠳᠤᠷᠢᠳᠤᠮᠵᠢ ᠪᠤᠯᠭᠠᠭᠰᠠᠨ ᠦᠨᠳᠦᠷ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠠᠰᠢ ᠦᠭᠡᠢ ᠵᠠᠮᠨᠠᠵᠤ᠂ ᠰᠢᠯᠢᠳᠡᠭ ᠬᠢᠷᠢ ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ ᠭᠡᠵᠤ ᠤᠷᠢᠶᠠᠯᠠᠭᠰᠠᠨ ᠪᠠᠶᠢᠨ᠎ᠠ᠃      ᠬᠤᠰᠢᠭᠤᠨ ᠤ ᠨᠠᠮ ᠤᠨ ᠬᠤᠷᠢᠶᠠᠨ ᠤ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠡᠰᠢᠬᠦᠨ᠂  ᠬᠤᠰᠢᠭᠤᠨ ᠤ ᠨᠠᠮ ᠤᠨ ᠬᠤᠷᠢᠶᠠᠨ ᠤ ᠭᠡᠰᠢᠬᠦᠨ ᠪᠤᠰᠤ ᠬᠤᠰᠢᠭᠤᠨ ᠤ ᠭᠠᠵᠠᠷ ᠤᠨ ᠲᠡᠰ ᠤᠨ ᠤᠳᠤᠷᠢᠳᠤᠯᠭ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠴᠳ᠂ ᠤᠯᠤᠰ ᠲᠦᠷᠤ ᠶᠢᠨ ᠭᠡᠰᠢᠬᠦᠨ᠂ ᠦᠪᠡᠷᠳᠡᠭᠡᠨ ᠵᠠᠰᠠᠬᠤ  ᠤᠷᠤᠨ  ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠠᠬᠠᠮᠠᠳ ᠺᠠᠳ᠋ᠷ  ᠤᠨ ᠲᠥᠯᠥᠭᠡᠯᠡᠭᠴᠢ᠂ ᠡᠯ᠎ᠡ ᠰᠤᠮᠤ ᠪᠠᠯᠭᠠᠰᠤ᠂  ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠣᠯᠠᠨ ᠲᠥᠮᠡᠨ ᠤ ᠪᠦᠯᠬᠦᠮ᠂ ᠠᠵᠤ ᠠᠬᠤᠶᠢᠯᠠᠯ  ᠠᠵᠢᠯ ᠦᠢᠯᠡᠰ ᠤᠨ ᠪᠠᠶᠢᠭᠤᠯᠭ᠎ᠠ᠂  ᠲᠡᠭᠡᠳᠤ ᠱᠠᠳᠤᠨ ᠤ ᠬᠤᠰᠢᠭᠤᠨ ᠳᠤ ᠰᠠᠭᠤᠭ᠎ᠠ ᠰᠠᠯᠠᠭ᠎ᠠ ᠮᠦᠴᠢᠷ ᠂  ᠬᠤᠰᠢᠭᠤᠨ ᠳᠤ ᠰᠠᠭᠤᠭ᠎ᠠ ᠴᠡᠷᠢᠩ ᠠᠩᠬᠢ ᠶᠢᠨ ᠭᠤᠤᠯ ᠬᠠᠷᠢᠭᠤᠴᠠᠭᠠᠯᠳᠠ ᠬᠤᠷᠠᠯ ᠳᠤ ᠤᠷᠤᠯᠴᠠᠭᠰᠠᠨ ᠪᠠᠶᠢᠨ᠎ᠠ
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号