ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ | ᠡᠯ᠎ᠡ ᠣᠯᠠᠨ ᠲᠦᠮᠡᠨ ᠤ ᠪᠦᠯᠬᠦᠮ ᠳᠤ᠄ | ︽ᠬᠠᠮᠢᠶᠠᠷᠤᠯᠳᠠ ᠶᠢ ᠲᠠᠯᠪᠢᠬᠤ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠂ ︽ᠪᠠᠷᠢᠮᠳᠠ ᠶᠢ | ᠪᠠᠭᠠᠰᠬᠠᠨ ᠠᠷᠠᠳ ᠲᠤ ᠲᠥᠬᠦᠮ ᠦᠵᠡᠭᠦᠯᠬᠦ︾ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠦᠨ᠂ ᠵᠠᠰᠠᠭ ᠤᠨ ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠶᠢᠮᠠᠭ ᠤᠨ ᠬᠠᠤᠯᠢ ᠶᠣᠰᠣᠭᠠᠷ ᠠᠶᠢᠮᠠᠭ ᠢᠶᠠᠨ ᠵᠠᠰᠠᠬᠤ ᠠᠯᠪᠠᠨ | ᠭᠡᠷ ᠤᠨ ︽ᠭᠡᠷᠡᠴᠢᠯᠡᠬᠦ ᠵᠦᠢᠯᠡᠰ ᠢ ᠲᠡᠭᠰᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ | ︵ᠠᠯᠠᠱᠠ ᠠᠶᠢᠮᠠᠭ ᠤᠨ ᠬᠠᠤᠯᠢ ᠶᠣᠰᠣᠭᠠᠷ ᠠᠶᠢᠮᠠᠭ ᠢᠶᠠᠨ ᠵᠠᠰᠠᠬᠤ ᠠᠯᠪᠠᠨ ᠭᠡᠷ ᠤᠨ ᠲᠠᠷᠬᠠᠭᠠᠭᠰᠠᠨ ︹2021︺ | 14 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠪᠥᠬᠦ ᠬᠤᠰᠢᠭᠤᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢ | ᠵᠣᠬᠢᠶᠠᠨ ᠪᠠᠶᠢᠭᠤᠯᠵᠤ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠰᠢᠯᠤᠭᠤᠳᠬᠠᠬᠤ ᠠᠵᠢᠯ ᠢ ᠦᠷᠨᠢᠭᠦᠯᠪᠡ᠃ | ᠰᠢᠯᠣᠭᠤᠳᠬᠠᠨ ᠬᠤᠷᠢᠶᠠᠩᠭᠤᠶᠢᠯᠠᠬᠤ ᠪᠠᠷ ᠳᠡᠮᠵᠢᠨ᠂ ᠪᠥᠬᠦ ᠬᠤᠰᠢᠭᠤᠨ ᠳᠤ ᠨᠡᠶᠢᠲᠡ 10 ᠵᠦᠢᠯ ᠤᠨ ᠭᠡᠷᠡᠴᠢᠯᠡᠬᠦ | ᠵᠦᠢᠯᠡᠰ ᠢ ᠦᠯᠡᠳᠡᠭᠡᠵᠦ᠂ 1 ᠵᠦᠢᠯ ᠢ ᠬᠦᠴᠦᠨ ᠦᠭᠡᠢ ᠪᠣᠯᠭᠠᠪᠠ᠃ ᠡᠳᠦᠭᠡ ᠬᠤᠰᠢᠭᠤᠨ ᠤ ᠲᠣᠰ ᠱᠠᠲᠤᠨ ᠤ | ᠦᠯᠡᠳᠡᠭᠡᠭᠰᠡᠨ᠂ ᠬᠦᠴᠦᠨ ᠦᠭᠡᠢ ᠪᠣᠯᠭᠠᠭᠰᠠᠨ ᠭᠡᠷᠡᠴᠢᠯᠡᠬᠦ ᠵᠦᠢᠯᠡᠰ ᠢ ᠨᠠᠷᠢᠨ ᠬᠠᠭᠤᠳᠠᠰᠤ ᠲᠠᠢ ᠬᠠᠮᠳᠤ ᠳᠠᠨᠢ | ᠲᠠᠷᠬᠠᠭᠠᠵᠤ ᠨᠡᠶᠢᠲᠡᠯᠡᠨ᠎ᠡ᠃ | ᠳᠠᠭᠠᠯᠳᠤᠭᠤᠯᠤᠯ᠄ 1. ᠠᠯᠠᠱᠠ ᠪᠠᠷᠠᠭᠤᠨ ᠬᠤᠰᠢᠭᠤᠨ ᠤ ᠦᠯᠡᠳᠡᠭᠡᠭᠰᠡᠨ ᠭᠡᠷᠡᠴᠢᠯᠡᠬᠦ ᠵᠦᠢᠯ ᠤᠨ ᠨᠠᠷᠢᠨ | ᠬᠠᠭᠤᠳᠠᠰᠤ᠂ xlsx | 2. ᠠᠯᠠᠱᠠ ᠪᠠᠷᠠᠭᠤᠨ ᠬᠤᠰᠢᠭᠤᠨ ᠤ ᠬᠦᠴᠦᠨ ᠦᠭᠡᠢ ᠪᠣᠯᠭᠠᠭᠰᠠᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ᠂ | xlsx | ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 10 ᠰᠠᠷ᠎ᠠ ᠶᠢᠨ 8 ᠤ ᠡᠳᠦᠷ | ᠪᠢᠴᠢᠭ ᠮᠠᠲ᠋ᠧᠷᠢᠶᠠᠯ ᠪᠠᠭᠤᠯᠭᠠᠬᠤ᠄ ᠠᠯᠠᠱᠠ ᠪᠠᠷᠠᠭᠤᠨ ᠬᠤᠱᠢᠭᠤᠨ ᠤ ᠵᠠᠰᠠᠭ ᠠᠯᠪᠠᠨ ᠲᠠᠷᠬᠠᠭᠠᠭᠰᠠᠨ ︵2022︶ | 42 ᠳ᠋ᠤᠭᠠᠷ ᠲᠣᠭᠠᠲᠤ᠂ doc | | http://www.alsyq.gov.cn/art/2022/10/13/art_1387_458551.html |