ᠠᠯᠠᠱᠠ ᠪᠠᠷᠠᠭᠤᠨ ᠬᠤᠰᠢᠭᠤ ᠢᠯᠡ ᠪᠠᠷ ᠲᠤᠰᠬᠠᠢ ᠲᠤᠰᠢᠶᠠᠯ ᠤᠨ ᠨᠡᠶᠢᠬᠡᠮ ᠲᠣᠭᠤᠷᠢᠭ ᠤᠨ ᠠᠵᠢᠯᠲᠠᠨ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2022/10/9
     ︽ᠠᠯᠠᠱᠠ ᠪᠠᠷᠠᠭᠤᠨ ᠬᠤᠰᠢᠭᠤᠨ ᠤ ᠨᠡᠶᠢᠬᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠳᠠ ᠪᠠ ᠬᠠᠮᠢᠶᠠᠷᠤᠯᠲᠠ ᠶᠢᠨ ᠰᠢᠯᠭᠠᠨ ᠬᠢᠨᠠᠬᠤ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠨ ᠬᠡᠷᠡᠭᠴᠡᠭᠡ ᠲᠠᠢ ᠪᠠᠨ ᠤᠶᠠᠯᠳᠤᠭᠤᠯᠵᠤ᠂ ᠨᠡᠶᠢᠬᠡᠮ ᠠᠴᠠ ᠨᠡᠶᠢᠬᠡᠮ ᠲᠣᠭᠤᠷᠢᠭ ᠤᠨ ᠨᠢᠭᠡ ᠬᠡᠰᠡᠭ ᠲᠤᠰᠬᠠᠢ ᠲᠤᠰᠢᠶᠠᠯ ᠤᠨ ᠠᠵᠢᠯᠲᠠᠨ ᠶᠢ ᠢᠯᠡ ᠪᠠᠷ ᠡᠯᠰᠡᠨ ᠬᠡᠷᠡᠭᠯᠡᠬᠦ ᠪᠣᠯᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠵᠠᠷᠯᠠᠶ᠎ᠠ᠄      ᠨᠢᠭᠡ᠂ ᠬᠢᠷᠢ ᠭᠡᠮ ᠤᠨ ᠨᠥᠬᠦᠴᠡᠯ︽ᠠᠯᠠᠱᠠ ᠪᠠᠷᠠᠭᠤᠨ ᠬᠤᠰᠢᠭᠤᠨ ᠤ ᠢᠯᠡ ᠪᠠᠷ ᠨᠡᠶᠢᠬᠡᠮ ᠲᠣᠭᠤᠷᠢᠭ ᠤᠨ ᠠᠵᠢᠯᠲᠠᠨ ᠡᠯᠰᠡᠬᠦ ᠲᠣᠪᠴᠢ ᠳᠦᠷᠢᠮ︾᠂ ︽ᠠᠯᠠᠱᠠ ᠪᠠᠷᠠᠭᠤᠨ ᠬᠤᠰᠢᠭᠤᠨ ᠤ ᠢᠯᠡ ᠪᠠᠷ ᠨᠡᠶᠢᠬᠡᠮ ᠲᠣᠭᠤᠷᠢᠭ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠶᠢ ᠦᠵᠡᠭᠡᠷᠡᠢ᠃ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ︵http : / / www . alsyq . gov . cn︶᠂ ︽ᠠᠯᠠᠱᠠ ᠪᠠᠷᠠᠭᠤᠨ ᠬᠤᠰᠢᠭᠤᠨ ᠤ ᠨᠠᠮ ᠤᠨ ᠪᠠᠢᠭᠤᠯᠤᠯᠲᠠ︾᠂ ︽ᠠᠯᠠᠱᠠ ᠪᠠᠷᠠᠭᠤᠨ ᠬᠤᠰᠢᠭᠤᠨ ᠤ ᠠᠵᠢᠯ ᠤᠯᠭᠤᠯᠳᠠ ᠶᠢᠨ ᠦᠢᠯᠡᠴᠢᠯᠡᠭᠡᠨ ᠤ ᠲᠥᠪ︾ ᠵᠡᠷᠭᠡ ᠶᠢᠨ ᠸᠢᠴᠠᠲ ᠤᠨ ᠣᠯᠠᠨ ᠨᠡᠶᠢᠳᠠ ᠶᠢᠨ ᠲᠠᠪᠴᠠᠩ ᠶᠢ ᠠᠩᠬᠠᠷᠴᠤ ᠯᠠᠪᠯᠠᠭᠠᠷᠠᠢ᠃      ᠬᠤᠶᠠᠷ᠂ ᠨᠡᠷ᠎ᠡ ᠮᠡᠳᠡᠭᠦᠯᠬᠦ ᠴᠠᠭᠨᠡᠷ᠎ᠡ ᠮᠡᠳᠡᠭᠦᠯᠬᠦ ᠴᠠᠭ᠄ 2022 ᠣᠨ ᠤ 10 ᠰᠠᠷ᠎ᠠ ᠶᠢᠨ 8 ᠤ ᠡᠳᠦᠷ ᠠᠴᠠ 2022 ᠣᠨ ᠤ 10 ᠰᠠᠷ᠎ᠠ ᠶᠢᠨ 14 ᠤ ᠡᠳᠦᠷ ᠪᠣᠯᠲᠠᠯ᠎ᠠ᠂ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠢᠨᠠᠬᠢ 15᠄ 00 — 18᠄ 00᠃ᠨᠡᠷ᠎ᠡ ᠮᠡᠳᠡᠭᠦᠯᠦᠨ ᠰᠢᠯᠭᠠᠭᠤᠯᠤᠭᠰᠠᠳ ᠨᠠᠷ ᠠᠯᠠᠱᠠ ᠪᠠᠷᠠᠭᠤᠨ ᠬᠤᠰᠢᠭᠤᠨ ᠤ ᠢᠯᠡ ᠪᠠᠷ ᠨᠡᠶᠢᠬᠡᠮ ᠲᠣᠭᠤᠷᠢᠭ ᠤᠨ ᠲᠤᠰᠬᠠᠢ ᠲᠤᠰᠢᠶᠠᠯᠲᠤ ᠠᠵᠢᠯᠲᠠᠨ ᠤᠷᠢᠬᠤ ᠲᠣᠪᠴᠢ ᠳᠦᠷᠢᠮ︾ ᠤᠨ ᠱᠠᠭᠠᠷᠳᠠᠯᠭ᠎ᠠ ᠶᠣᠰᠣᠭᠠᠷ ᠡᠷᠲᠡᠬᠡᠨ ᠨᠡᠷ᠎ᠡ ᠮᠡᠳᠡᠭᠦᠯᠦᠨ᠎ᠡ᠃      ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ1. ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃2. ᠨᠡᠷ᠎ᠡ ᠮᠡᠳᠡᠭᠦᠯᠬᠦ ᠭᠠᠵᠠᠷ᠄ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠢᠭᠤᠯᠬᠤ ᠬᠡᠯᠲᠡᠰ ᠤᠨ ᠵᠣᠬᠢᠶᠠᠨ ᠪᠠᠢᠭᠤᠯᠬᠤ ᠰᠠᠯᠠᠭ᠎ᠠ 704 ᠠᠯᠪᠠᠨ ᠭᠡᠷ᠃ᠬᠠᠷᠢᠯᠴᠠᠬᠤ ᠬᠥᠮᠦᠨ᠄ ᠸᠠᠩ ᠳ᠋ᠦᠸᠧ ᠪᠢᠨᠬᠠᠷᠢᠯᠴᠠᠬᠤ ᠤᠲᠠᠰᠤ᠄ 0483-6022493︔ 13664838649᠃ᠭᠥᠯᠢᠶᠡᠨ ᠠᠪᠤᠭᠰᠠᠨ ᠴᠠᠭ᠄ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 15᠄ 00 — 18᠄ 00      ᠳᠠᠭᠠᠯᠳᠤᠭᠤᠯᠤᠯ᠄ 1. ︽ᠠᠯᠠᠱᠠ ᠪᠠᠷᠠᠭᠤᠨ ᠬᠤᠰᠢᠭᠤᠨ ᠤ ᠢᠯᠡ ᠪᠠᠷ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠠᠵᠢᠯᠲᠠᠨ ᠢ ᠡᠯᠰᠡᠬᠦ ᠲᠣᠪᠴᠢ ᠳᠦᠷᠢᠮ︾᠂ docx2. ︽ᠠᠯᠠᠱᠠ ᠪᠠᠷᠠᠭᠤᠨ ᠬᠤᠰᠢᠭᠤᠨ ᠤ ᠢᠯᠡ ᠪᠠᠷ ᠨᠡᠶᠢᠭᠡᠮ ᠲᠣᠭᠤᠷᠢᠭ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ xls᠃
 
ᠢᠷᠡᠯᠲᠡ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号