ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ | ᠡᠯ᠎ᠡ ᠣᠯᠠᠨ ᠲᠦᠮᠡᠨ ᠤ ᠪᠦᠯᠬᠦᠮ ᠳᠤ᠄ | ︽ᠬᠠᠮᠢᠶᠠᠷᠣᠯᠳᠠ ᠶᠢ ᠲᠠᠯᠪᠢᠬᠤ︾ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ︽ᠪᠠᠷᠢᠮᠳᠠ ᠶᠢ ᠪᠠᠭᠠᠰᠬᠠᠨ | ᠠᠷᠠᠳ ᠲᠤ ᠳᠦᠭᠦᠮ ᠦᠵᠡᠭᠦᠯᠬᠦ ︾ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠦᠭᠵᠢᠯᠳᠡ ᠶᠢᠨ ᠢᠳᠡᠪᠬᠢ | ᠭᠦᠴᠦᠨ ᠪᠠ ᠨᠡᠶᠢᠬᠡᠮ ᠨᠡᠶᠢᠲᠡ ᠶᠢᠨ ᠡᠭᠦᠳᠦᠨ ᠪᠦᠳᠦᠭᠡᠬᠦ ᠴᠢᠳᠠᠪᠦᠷᠢ ᠶᠢ ᠠᠮᠢᠳᠤᠯᠢᠭᠵᠢᠭᠤᠯᠬᠤ ᠶᠢᠨ ᠲᠦᠯᠦᠭᠡ᠂ | ᠮᠠᠨ ᠤ ᠠᠯᠠᠱᠠ ᠪᠠᠷᠠᠭᠤᠨ ᠬᠤᠰᠢᠭᠤ ᠪᠦᠬᠦ ᠬᠤᠰᠢᠭᠤᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠤᠯᠭᠤᠭᠰᠠᠨ ᠨᠡᠶᠢᠲᠡ ᠶᠢᠨ ᠶᠠᠪᠤᠳᠠᠯ ᠢ ᠬᠠᠮᠢᠶᠠᠷᠬᠤ ᠡᠭᠦᠷᠭᠡ | ᠴᠢᠳᠠᠪᠬᠢᠳᠤ ᠵᠤᠬᠢᠶᠠᠨ ᠪᠠᠶᠢᠭᠤᠯᠤᠯᠳᠠ ᠨᠢ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ᠂ ᠵᠠᠰᠠᠭ ᠵᠠᠬᠢᠷᠭᠠᠨ ᠤ | ᠨᠤᠲᠠᠯᠠᠯᠲᠠ ᠬᠢᠬᠦ᠂ ᠵᠠᠰᠠᠭ ᠵᠠᠬᠢᠷᠭᠠᠨ ᠤ ᠲᠥᠯᠥᠪᠦᠷᠢ ᠵᠡᠷᠭᠡ ᠶᠢ ᠭᠦᠢᠴᠡᠳᠬᠡᠬᠦ ᠳᠤ ᠪᠠᠨ ᠪᠦᠬᠦ ᠲᠠᠯ᠎ᠠ ᠪᠠᠷ | ᠮᠡᠳᠡᠭᠦᠯᠦᠨ ᠠᠮᠠᠯᠠᠬᠤ ᠳᠦᠷᠢᠮ ᠢ ᠬᠡᠷᠡᠭᠵᠢᠭᠦᠯᠦᠨ᠎ᠡ᠃ ᠡᠮᠬᠢᠯᠡᠵᠦ ᠬᠤᠷᠢᠶᠠᠩᠭᠤᠶᠢᠯᠠᠬᠤ ᠪᠠᠷ ᠳᠡᠮᠵᠢᠨ᠂ ᠪᠥᠬᠦ | ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠴᠠᠭ ᠠᠭᠤᠷ ᠤᠨ | ᠲᠣᠪᠴᠢᠶ᠎ᠠ ᠵᠡᠷᠭᠡ 3 ᠰᠠᠯᠠᠭ᠎ᠠ ᠮᠥᠴᠢᠷ ᠲᠤ ᠬᠤᠯᠪᠣᠭᠳᠠᠬᠤ ᠮᠡᠳᠡᠭᠦᠯᠦᠨ ᠠᠮᠠᠯᠠᠬᠤ ᠳᠦᠷᠢᠮ ᠤᠨ ᠭᠡᠷᠡᠴᠢ ᠪᠠᠷᠢᠮᠳᠠ | 6 ᠪᠠᠶᠢᠵᠤ᠂ ᠪᠤᠰᠤᠳ ᠰᠠᠯᠠᠭ᠎ᠠ ᠮᠥᠴᠢᠷ ᠲᠤ ᠮᠡᠳᠡᠭᠦᠯᠦᠨ ᠠᠮᠠᠯᠠᠬᠤ ᠳᠦᠷᠢᠮ ᠢ ᠬᠡᠷᠡᠭᠵᠢᠭᠦᠯᠬᠦ ᠭᠡᠷᠡᠴᠢ ᠪᠠᠷᠢᠮᠳᠠ | ᠪᠠᠶᠢᠬᠤ ᠦᠭᠡᠢ᠃ | ᠮᠡᠳᠡᠭᠦᠯᠦᠨ ᠠᠮᠠᠯᠠᠬᠤ ᠳᠦᠷᠢᠮ ᠢ ᠬᠡᠷᠡᠭᠵᠢᠭᠦᠯᠬᠦ 6 ᠭᠡᠷᠡᠴᠢ ᠪᠠᠷᠢᠮᠳᠠ ᠶᠢᠨ ᠳᠣᠳᠤᠷ᠎ᠠ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯ 4 ᠪᠠᠶᠢᠵᠦ᠂ ᠵᠠᠰᠠᠭ ᠵᠠᠬᠢᠷᠭᠠᠨ ᠤ ᠨᠤᠲᠠᠯᠠᠯᠲᠠ ᠶᠢᠨ ᠵᠦᠢᠯ 1 ᠪᠠᠶᠢᠵᠦ᠂ ᠵᠠᠰᠠᠭ | ᠵᠠᠬᠢᠷᠭᠠᠨ ᠤ ᠲᠥᠯᠥᠪᠦᠷᠢ ᠶᠢᠨ ᠵᠦᠢᠯ 1 ᠪᠠᠶᠢᠨ᠎ᠠ᠃ ᠡᠭᠦᠨ ᠳᠤ᠂ ᠲᠣᠭᠲᠠᠭᠠᠭᠰᠠᠨ 2 ᠵᠦᠢᠯ ᠨᠢ ᠦᠨᠳᠦᠰᠦᠯᠡᠯ ᠤᠨ | ᠬᠦᠴᠦᠨ ᠤ ᠲᠠᠰ ᠨᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠠᠢ ᠪᠠᠶᠢᠵᠤ᠂ ᠪᠣᠰᠣᠳ ᠲᠣᠭᠲᠠᠭᠠᠭᠰᠠᠨ 4 | ᠵᠦᠢᠯ ᠤᠨ ᠦᠨᠳᠦᠰᠦᠯᠡᠯ ᠤᠨ ᠬᠦᠴᠦᠨ ᠤ ᠲᠠᠰ ᠨᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠲᠠᠢ᠃ ᠡᠳᠦᠭᠡ | ᠬᠤᠰᠢᠭᠤᠨ ᠤ ᠲᠣᠰ ᠱᠠᠲᠤᠨ ᠤ ᠮᠡᠳᠡᠭᠦᠯᠦᠨ ᠠᠮᠠᠯᠠᠬᠤ ᠳᠦᠷᠢᠮ ᠢ ᠬᠡᠷᠡᠭᠵᠢᠭᠦᠯᠬᠦ ᠭᠡᠷᠡᠴᠢ ᠪᠠᠷᠢᠮᠳᠠ ᠶᠢᠨ ᠭᠠᠷᠴᠠᠭ ᠢ | ᠪᠢᠴᠢᠭ ᠮᠠᠲ᠋ᠧᠷᠢᠶᠠᠯ ᠤᠨ ᠳᠠᠭᠠᠤ ᠳᠠᠷᠤᠮᠠᠯᠯᠠᠨ ᠲᠠᠷᠬᠠᠭᠠᠵᠤ ᠨᠡᠶᠢᠲᠡᠯᠡᠨ᠎ᠡ᠃ | ᠳᠠᠭᠠᠯᠳᠤᠭᠤᠯᠤᠯ᠄ ᠬᠤᠰᠢᠭᠤᠨ ᠤ ᠲᠣᠰ ᠱᠠᠲᠤᠨ ᠤ ᠮᠡᠳᠡᠭᠦᠯᠦᠨ ᠠᠮᠠᠯᠠᠬᠤ ᠳᠦᠷᠢᠮ ᠢ ᠬᠡᠷᠡᠭᠵᠢᠭᠦᠯᠬᠦ | ᠭᠡᠷᠡᠴᠢ ᠪᠠᠷᠢᠮᠳᠠ ᠶᠢᠨ ᠭᠠᠷᠴᠠᠭ᠂ xls | ᠣᠣᠯ ᠪᠢᠴᠢᠭ ᠤᠨ ᠪᠠᠭᠤᠯᠭᠠᠪᠦᠷᠢ᠄ ᠠᠯᠠᠱᠠ ᠪᠠᠷᠠᠭᠤᠨ ᠵᠠᠰᠠᠭ ᠠᠯᠪᠠᠨ ᠲᠠᠷᠬᠠᠭᠠᠭᠰᠠᠨ 〔2022〕 35 ᠳ᠋ᠤᠭᠠᠷ | ᠲᠣᠭᠠᠲᠤ︶ | http://www.alsyq.gov.cn/art/2022/8/19/art_1387_448995.html | ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 8 ᠰᠠᠷ᠎ᠠ ᠶᠢᠨ 17 ᠤ ᠡᠳᠦᠷ | | |