ᠠᠯᠠᠱᠠ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠩᠬ᠎ᠠ ᠰᠢᠭᠰᠢᠨ ᠪᠠᠶᠢᠴᠠᠭᠠᠯᠲᠠ ᠪᠠᠷ 2 ᠨᠡᠷ᠎ᠡ ᠡᠪᠡᠳᠴᠢᠳᠡᠨ ᠢᠯᠡᠷᠡᠭᠰᠡ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/22
      11 ᠰᠠᠷ᠎ᠠ ᠶᠢᠨ 14 ᠤ ᠡᠳᠦᠷ᠂ ᠮᠠᠨ ᠤ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠲᠣᠭᠲᠠᠮᠠᠯ ᠬᠤᠭᠤᠴᠠᠭᠠᠲᠤ ᠪᠥᠭᠡᠮ ᠬᠦᠴᠢᠯ ᠤᠨ ᠪᠠᠶᠢᠴᠠᠭᠠᠯᠳᠠ ᠳᠤ 2 ᠨᠡᠷ᠎ᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠳᠡᠨ ᠢᠯᠡᠷᠡᠭᠦᠯᠪᠡ᠂ ᠡᠨᠡ ᠪᠣᠯ 11 ᠰᠠᠷ᠎ᠠ ᠶᠢᠨ 12 ᠤ ᠡᠳᠦᠷ ᠤᠨ ᠪᠠᠶᠠᠨᠨᠠᠭᠤᠷ ᠬᠤᠲᠠ ᠶᠢᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠮᠵᠢᠨ ᠪᠠᠶᠢᠴᠠᠭᠠᠵᠤ ᠬᠦᠷᠭᠡᠭᠰᠡᠨ ᠡᠪᠡᠳᠴᠢᠳᠡᠨ ᠲᠠᠢ ᠨᠢᠭᠲᠠ ᠣᠶᠢᠷᠠᠲᠤᠭᠰᠠᠳ ᠪᠣᠯᠣᠨ᠎ᠠ᠃ 2 ᠡᠪᠡᠳᠴᠢᠳᠡᠨ ᠢ ᠴᠥᠮ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠡᠮᠨᠡᠭᠦᠯᠵᠡᠢ᠃ ᠣᠳᠣᠬᠠᠨ ᠳᠤ᠂ ᠮᠠᠨ ᠤ ᠬᠤᠰᠢᠭᠤ ᠨᠢᠭᠡᠨᠲᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠥᠯᠢᠭᠡᠷ ᠠᠪᠴᠤ ᠪᠠᠶᠢᠴᠠᠭᠠᠨ ᠰᠢᠯᠭᠠᠬᠤ ᠂ ᠲᠤᠰᠠᠭᠠᠷᠯᠠᠵᠤ ᠬᠠᠮᠢᠶᠠᠷᠤᠨ ᠡᠵᠡᠮᠳᠡᠬᠦ ᠪᠠ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠠᠮᠢᠶ᠎ᠠ ᠪᠦᠬᠦᠢ ᠲᠥᠭᠰᠢᠭᠦᠷᠢᠳᠡᠢ ᠬᠥᠮᠥᠰ ᠪᠠ ᠲᠥᠭᠰᠢᠭᠦᠷᠢᠳᠡᠢ ᠲᠠᠯᠠᠪᠤᠷ ᠢ ᠴᠥᠮ ᠬᠠᠮᠢᠶᠠᠷᠤᠨ ᠡᠵᠡᠮᠳᠡᠪᠡ᠃ ᠥᠷᠭᠡᠨ ᠣᠯᠠᠨ ᠲᠦᠮᠡᠨ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠳᠠᠮᠵᠢᠭᠤᠯᠬᠤ ᠦᠭᠡᠢ ᠪᠠᠶᠢᠬᠤ ᠬᠡᠷᠡᠭᠲᠡᠢ᠂ ᠨᠡᠩ ᠴᠤ ᠠᠶᠤᠵᠤ ᠰᠠᠨᠳᠤᠷᠬᠤ ᠬᠡᠷᠡᠭ ᠦᠭᠡᠢ᠂ ᠰᠡᠳᠬᠢᠯ ᠰᠠᠨᠠᠭ᠎ᠠ ᠪᠠᠨ ᠠᠭᠤᠵᠢᠭᠤ ᠪᠠᠶᠢᠯᠭᠠᠵᠤ᠂ ᠰᠠᠨᠠᠭᠠᠴᠢᠯᠠᠭ᠎ᠠ ᠠᠴᠠ ᠪᠠᠨ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠲᠡᠷᠡ ᠳᠠᠷᠤᠢ ᠳᠤᠨᠢ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠳᠤ 7 ᠡᠳᠦᠷ ᠤᠨ ᠶᠠᠪᠦᠳᠠᠯ ᠮᠦᠷ ᠵᠢᠴᠢ ᠣᠶᠢᠷᠠᠲᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠡᠮᠨᠡᠭᠦᠯᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠬᠢᠵᠢᠭ ᠤᠨ ᠪᠠᠶᠢᠳᠠᠯ ᠤᠨ ᠬᠥᠭᠵᠢᠯᠲᠡ ᠶᠢ ᠦᠵᠡᠵᠦ ᠴᠠᠭ ᠲᠤᠬᠠᠢ ᠳᠤᠨᠢ ᠲᠣᠬᠢᠷᠠᠭᠤᠯᠤᠯᠲᠠ ᠭᠠᠷᠭᠠᠨ᠎ᠠ᠂ ᠮᠠᠨ ᠤ ᠬᠤᠰᠢᠭᠤᠨ ᠬᠠᠮᠤᠭ ᠤᠨ ᠲᠡᠷᠢᠭᠦᠨ ᠳᠤ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ ᠤᠨ ᠨᠡᠶᠢᠲᠡ ᠶᠢᠨ ᠲᠠᠪᠴᠠᠩ ᠵᠡᠷᠭᠡ ᠠᠷᠭ᠎ᠠ ᠵᠠᠮ ᠢᠶᠠᠷ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠂ ᠥᠷᠭᠡᠨ ᠣᠯᠠᠨ ᠰᠠᠭᠤᠭᠠᠯᠢ ᠠᠷᠠᠳ ᠨᠠᠷᠢᠨ ᠠᠩᠬᠠᠷᠴᠤ᠂ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠢᠳᠡᠪᠬᠢᠲᠡᠢ ᠳᠡᠮᠵᠢᠨ ᠬᠠᠮᠵᠢᠯᠴᠠᠬᠤ ᠶᠢ ᠬᠦᠰᠡᠵᠦ ᠪᠠᠶᠢᠨ᠎ᠠ᠃      ᠳᠠᠭᠠᠯᠳᠤᠭᠤᠯᠤᠯ᠄ ᠠᠯᠠᠱᠠ ᠠᠶᠢᠮᠠᠭ ᠵᠢᠴᠢ ᠠᠯᠠᠱᠠ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ᠄ ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ᠄ 0483-12345ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483-8582006ᠠᠯᠠᠱᠠ ᠠᠶᠢᠮᠠᠭ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ᠄ 0483-2289018ᠠᠯᠠᠱᠠ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ᠄ 0483-6025942ᠠᠯᠠᠱᠠ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483-6022166ᠠᠯᠠᠱᠠ ᠪᠠᠷᠠᠭᠤᠨ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ᠄ 0483-6022306᠃      ᠠᠯᠠᠱᠠ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ       2022 ᠣᠨ ᠤ 11 ᠰᠠᠷ᠎ᠠ ᠶᠢᠨ 14 ᠤ ᠡᠳᠦᠷ 
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号