︽ᠠᠯᠠᠱᠠ ᠪᠠᠷᠠᠭᠤᠨ ᠬᠤᠰᠢᠭᠤᠨ ᠤ 2022 ᠣᠨ ᠤ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢ ᠬᠡᠷᠡᠭᠵᠢᠭᠦᠯᠬᠦ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/4
      ᠨᠢᠭᠡ᠂ ᠠᠬᠤᠢ ᠪᠠᠶᠢᠳᠠᠯ ᠤᠨ ᠦᠨᠳᠦᠰᠦᠯᠡᠯ      ᠲᠠᠷᠢᠶᠠᠨ ᠭᠠᠵᠠᠷ ᠤᠨ ᠰᠠᠭᠤᠷᠢ ᠬᠦᠴᠦᠨ ᠢ ᠬᠠᠮᠠᠭᠠᠯᠠᠬᠤ ᠠᠵᠢᠯ ᠢ ᠪᠠᠲᠤᠲᠠᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠡᠬᠢ ᠪᠠᠶᠠᠯᠢᠭ ᠤᠨ ᠦᠷᠭᠦᠯᠵᠢᠯᠡᠬᠦ᠋ᠢᠴᠡ ᠠᠰᠢᠭᠯᠠᠯᠳᠠ ᠶᠢ ᠦᠨᠡᠨᠬᠦ ᠪᠠᠲᠤᠯᠠᠵᠤ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠠ ᠲᠠᠷᠢᠶᠠᠯᠠᠩ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠂ ︽ᠠᠮᠤ ᠪᠤᠳᠠᠭ᠎ᠠ ᠶᠢ ᠲᠠᠷᠢᠶᠠᠨ ᠭᠠᠵᠠᠷ ᠢᠶᠠᠷ ᠪᠠᠳᠣᠯᠠᠬᠤ ᠪᠠ ᠮᠡᠷᠭᠡᠵᠢᠯ ᠢᠶᠠᠷ ᠪᠠᠳᠤᠯᠠᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽2022 ᠣᠨ ᠤ ᠲᠠᠷᠢᠶᠠᠨ ᠭᠠᠵᠠᠷ ᠤᠨ ᠰᠠᠭᠤᠷᠢ ᠬᠦᠴᠦᠨ ᠢ ᠬᠠᠮᠠᠭᠠᠯᠠᠬᠤ ᠨᠥᠬᠦᠪᠦᠷᠢ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠲᠠᠷᠢᠮᠠᠯ ᠲᠠᠷᠬᠠᠭᠠᠭᠰᠠᠨ 〔2022〕 66 ᠳ᠋ᠤᠭᠠᠷ ᠲᠣᠭᠠᠲᠤ︶᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ︽2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢ ᠪᠠᠭᠤᠯᠭᠠᠬᠤ ᠲᠤᠬᠠᠢ ᠮᠡᠳᠡᠭᠳᠡᠯ︾ ︵ᠠᠯᠠᠱᠠ ᠡᠳ᠋ ᠲᠠᠷᠢᠶᠠᠯᠠᠩ ᠲᠠᠷᠬᠠᠭᠠᠭᠰᠠᠨ 〔2021〕861 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠵᠢᠴᠢ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ︽2022 ᠣᠨ ᠤ ᠠᠯᠠᠱᠠ ᠠᠶᠢᠮᠠᠭ ᠤᠨ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢ ᠬᠡᠷᠡᠭᠵᠢᠭᠦᠯᠬᠦ ᠲᠥᠰᠥᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃      ᠬᠤᠶᠠᠷ᠂ ᠨᠥᠬᠦᠪᠦᠷᠢ ᠥᠭᠬᠦ ᠶᠢ ᠬᠡᠷᠡᠭᠵᠢᠭᠦᠯᠬᠦ ᠵᠠᠷᠴᠢᠮ      ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢ ᠬᠡᠷᠡᠭᠵᠢᠭᠦᠯᠬᠦ ᠪᠣᠯ ᠰᠢ ᠶᠢᠨ ᠫᠢᠩ ᠶᠡᠷᠦᠩᠬᠡᠢ ᠱᠦᠵᠢ ᠶᠢᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠳᠦᠷᠢᠮ ᠢ ᠴᠢᠩᠭᠠᠳᠬᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠣᠲᠣ ᠦᠶ᠎ᠡ ᠶᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠮᠥᠨ᠂ ᠠᠮᠤ ᠪᠤᠳᠠᠭᠠᠨ ᠤ ᠠᠮᠤᠷ ᠲᠦᠪᠰᠢᠨ ᠪᠠ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠪᠠᠲᠤᠯᠠᠬᠤ ᠪᠦᠲᠦᠮᠵᠢᠲᠡᠶ ᠠᠷᠭ᠎ᠠ ᠵᠠᠮ ᠮᠥᠨ᠃ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠨᠢ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠭᠠᠵᠠᠷ ᠲᠡᠭᠰᠢᠯᠡᠵᠦ ᠭᠦᠨ ᠬᠠᠭᠠᠯᠪᠤᠷᠢᠯᠠᠬᠤ ︵ᠭᠦᠨ ᠰᠤᠯᠠᠷᠠᠭᠤᠯᠬᠤ︶᠂ ᠣᠰᠦ ᠪᠣᠷᠳᠣᠭᠤᠷ ᠢ ᠨᠢᠭᠡ ᠴᠣᠭᠴᠠᠵᠢᠭᠤᠯᠤᠨ ᠬᠡᠷᠡᠭᠯᠡᠬᠦ᠂ ᠰᠦᠯᠢᠶᠥᠦ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠵᠡᠷᠭᠡ ᠲᠠᠷᠢᠶᠠᠨ ᠭᠠᠵᠠᠷ ᠤᠨ ᠰᠠᠭᠤᠷᠢ ᠬᠦᠴᠦᠨ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠴᠢᠳ ᠤᠨ ᠲᠠᠷᠢᠶᠠᠨ ᠭᠠᠵᠠᠷ ᠤᠨ ᠰᠠᠭᠤᠷᠢ ᠬᠦᠴᠦᠨ ᠤ ᠶᠠᠰᠤ ᠴᠢᠨᠠᠷ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠦᠷᠭᠦᠯᠵᠢᠯᠡᠨ ᠬᠦᠭᠵᠢᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠠᠮᠤ ᠪᠤᠳᠠᠭ᠎ᠠ ᠶᠢ ᠲᠠᠷᠢᠶᠠᠨ ᠭᠠᠵᠠᠷ ᠢᠶᠠᠷ ᠪᠠᠳᠣᠯᠠᠬᠤ︾ ᠶᠢ ᠪᠡᠶᠡᠯᠡᠭᠦᠯᠦᠨ᠎ᠡ᠃ 2022 ᠣᠨ ᠳᠤ ᠠᠯᠠᠱᠠ ᠪᠠᠷᠠᠭᠤᠨ ᠬᠤᠰᠢᠭᠤ ᠭᠤᠣᠯᠳᠠᠭᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠨᠥᠬᠦᠪᠦᠷᠢ᠂ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠵᠡᠷᠭᠡ ᠬᠤᠶᠠᠷ ᠲᠠᠯ᠎ᠠ ᠪᠠᠷ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠡᠢ᠃ ᠠᠯᠠᠱᠠ ᠪᠠᠷᠠᠭᠤᠨ ᠬᠤᠰᠢᠭᠤᠨ ᠤ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠶᠡᠷᠦᠩᠬᠡᠢ ᠲᠤᠭ᠎ᠠ 226.8 ᠲᠦᠮᠡᠨ ᠲᠥᠭᠦᠷᠢᠭ ᠲᠤ ᠬᠦᠷᠴᠡᠢ᠃ 2022 ᠣᠨ ᠳᠤ᠂ ᠪᠣᠳᠠᠲᠠᠢ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠭᠰᠠᠨ ᠢ ᠦᠨᠳᠦᠰᠦᠯᠡᠨ᠂ ᠲᠠᠷᠢᠶᠠᠨ ᠭᠠᠵᠠᠷ ᠤᠨ ᠰᠠᠭᠤᠷᠢ ᠬᠦᠴᠦᠨ ᠢ ᠳᠡᠭᠡᠭᠰᠢᠯᠡᠭᠦᠯᠬᠦ ᠨᠥᠬᠦᠪᠦᠷᠢ ᠶᠢᠨ ᠪᠡᠯᠡ ᠮᠥᠩᠭᠦ ᠶᠢ 30% ᠪᠠᠷ ᠲᠣᠬᠢᠷᠠᠭᠤᠯᠵᠤ᠂ ᠲᠠᠷᠢᠶᠠᠨ ᠭᠠᠵᠠᠷ ᠤᠨ ᠰᠠᠭᠤᠷᠢ ᠬᠦᠴᠦᠨ ᠢ ᠬᠠᠮᠠᠭᠠᠯᠠᠬᠤ ᠨᠥᠬᠦᠪᠦᠷᠢ ᠶᠢ 70% ᠪᠠᠷ ᠲᠣᠬᠢᠷᠠᠭᠤᠯᠤᠨ᠎ᠠ᠃ ᠬᠤᠶᠠᠷ ᠵᠦᠢᠯ ᠤᠨ ᠨᠥᠬᠦᠪᠦᠷᠢ ᠶᠢᠨ ᠪᠡᠯᠡ ᠮᠥᠩᠭᠦ ᠶᠢᠨ ᠬᠠᠷᠢᠴᠠᠯ ᠢ ᠪᠣᠳᠠᠲᠠᠢ ᠲᠠᠷᠢᠶᠠᠨ ᠭᠠᠵᠠᠷ ᠢ ᠬᠢᠨᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠬᠤᠭᠤᠷᠣᠨᠳᠣᠬᠢ ᠬᠠᠷᠢᠴᠠᠯ ᠢ ᠵᠣᠬᠢᠰᠲᠠᠢ ᠪᠠᠷ ᠲᠣᠬᠢᠷᠠᠭᠤᠯᠤᠨ ᠨᠥᠬᠦᠪᠦᠷᠢᠯᠡᠵᠦ ᠪᠣᠯᠣᠨ᠎ᠠ᠃      ᠭᠤᠷᠪᠠ᠂ ᠭᠤᠣᠯ ᠠᠭᠤᠯᠭ᠎ᠠ      ᠨᠥᠬᠦᠪᠦᠷᠢ ᠣᠯᠭᠤᠬᠤ ᠡᠲᠡᠭᠡᠳ᠄ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠣᠯᠭᠤᠬᠤ ᠡᠲᠡᠭᠡᠳ ᠢ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠡᠷᠬᠡ ᠲᠠᠢ ᠲᠠᠷᠢᠶᠠᠴᠢᠳ ᠲᠤ ᠬᠠᠨᠳᠣᠭᠤᠯᠣᠨ᠎ᠠ᠃       ᠨᠥᠬᠦᠪᠦᠷᠢ ᠥᠭᠬᠦ ᠬᠡᠪᠴᠢᠶ᠎ᠡ᠄ ᠲᠠᠷᠢᠶᠠᠨ ᠭᠠᠵᠠᠷ ᠤᠨ ᠣᠷᠴᠢᠨ ᠠᠬᠤᠢ ᠶᠢ ᠵᠠᠰᠠᠭᠰᠠᠨ ᠦᠷ᠎ᠡ ᠪᠦᠲᠦᠮᠵᠢ ᠶᠢ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠲᠠᠢ ᠬᠤᠯᠪᠣᠵᠤ᠂ ᠶᠡᠷᠦᠩᠬᠡᠶᠢᠯᠡᠨ ᠰᠢᠯᠭᠠᠨ ᠦᠨᠡᠯᠡᠵᠦ᠂ ᠨᠡᠶᠢᠯᠡᠭᠦᠯᠦᠨ ᠬᠡᠷᠡᠭᠵᠢᠭᠦᠯᠦᠨ᠎ᠡ᠃ ᠲᠠᠷᠢᠶᠠᠴᠢᠳ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠡᠮᠵᠢᠶ᠎ᠡ ᠶᠢ ᠦᠨᠳᠦᠰᠦᠯᠡᠨ᠂ ᠡᠷᠳᠡᠨᠢ ᠰᠢᠰᠢ᠂ ᠴᠠᠷᠭᠤᠰᠤ᠂ ᠪᠤᠭᠤᠳᠠᠢ᠂ ᠨᠡᠷᠡᠨ ᠬᠤᠸᠠᠷ᠂ ᠬᠥᠪᠥᠩ᠂ ᠨᠠᠷᠢᠮᠤ ᠶᠢᠨ ᠡᠪᠡᠰᠦ᠂ ᠨᠣᠭᠤᠭᠠᠨ ᠳᠠᠷᠤᠰᠢ ᠶᠢᠨ ᠲᠡᠵᠢᠭᠡᠯ ᠡᠪᠡᠰᠦ᠂ ᠵᠣᠷᠭᠤᠳᠠᠰᠤ᠂ ᠭᠤᠸᠠ ᠶᠢᠨ ᠲᠦᠷᠦᠯ᠂ ᠡᠪᠡᠰᠦᠳᠦ ᠡᠮ ᠤᠨ ᠮᠠᠲ᠋ᠧᠷᠢᠶᠠᠯ ᠵᠡᠷᠭᠡ ᠲᠠᠷᠢᠮᠠᠯ ᠢ ᠳᠠᠷᠢᠭᠰᠠᠨ ᠬᠠᠤᠯᠢ ᠶᠣᠰᠣᠨ ᠤ ᠲᠠᠷᠢᠶᠠᠨ ᠭᠠᠵᠠᠷ ᠲᠤ ᠨᠥᠬᠦᠪᠦᠷᠢ ᠥᠭᠭᠦᠨ᠎ᠡ᠃      ᠨᠥᠬᠦᠪᠦᠷᠢ ᠥᠭᠬᠦ ᠦᠭᠡᠢ ᠬᠡᠪᠴᠢᠶ᠎ᠡ᠄ ᠠᠯᠠᠱᠠ ᠪᠠᠷᠠᠭᠤᠨ ᠬᠤᠰᠢᠭᠤᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠭᠤᠣᠯᠳᠠᠭᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠭᠰᠡᠨ ᠲᠠᠯᠠᠪᠠᠶ ᠪᠤᠶᠤ ᠲᠠᠷᠢᠮᠠᠯ ᠤᠨ ᠲᠠᠯᠠᠪᠠᠶ ᠶᠢ ᠨᠥᠬᠦᠪᠦᠷᠢᠯᠡᠨ᠎ᠡ᠃ ᠳᠣᠣᠷᠠᠬᠢ ᠮᠡᠳᠤ ᠶᠢᠨ ᠭᠠᠵᠠᠷ ᠰᠢᠷᠣᠢ ᠨᠢ ᠨᠥᠬᠦᠪᠦᠷᠢ ᠥᠭᠬᠦ ᠬᠡᠪᠴᠢᠶᠡᠨ ᠳᠤ ᠪᠠᠭᠳᠠᠭᠠᠬᠤ ᠦᠭᠡᠢ᠄ ᠣᠶᠢᠲᠤ ᠭᠠᠵᠠᠷ ᠪᠠ ᠨᠢᠭᠡᠨᠲᠡ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠡᠯᠡᠪᠡᠢ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ︔ ᠲᠠᠷᠢᠶᠠᠯᠠᠩ ᠤᠨ ᠪᠤᠰᠤ ᠲᠠᠲᠠᠪᠤᠷᠢᠯᠠᠬᠤ ︵ᠡᠵᠡᠯᠡᠨ ᠬᠡᠷᠡᠭᠯᠡᠬᠦ︶ ᠲᠠᠷᠢᠶᠠᠨ ᠭᠠᠵᠠᠷ ᠵᠡᠷᠭᠡ ᠬᠡᠷᠡᠭᠴᠡᠭᠡ ᠶᠢ ᠨᠢ ᠨᠢᠭᠡᠨᠲᠡ ᠬᠤᠪᠢᠷᠠᠭᠤᠯᠤᠭᠰᠠᠨ ᠲᠠᠷᠢᠶᠠᠨ ᠭᠠᠵᠠᠷ︔ ᠲᠤᠬᠠᠢ ᠶᠢᠨ ᠵᠢᠯ ᠳᠤ ᠰᠦᠯᠢᠶᠥᠦ ᠪᠦᠷᠬᠦᠪᠴᠢ ᠨᠢ ᠲᠠᠷᠢᠶᠠᠨ ᠭᠠᠵᠠᠷ ᠠᠴᠠ ᠪᠠᠨ ᠰᠠᠯᠤᠭᠠᠳ 80% ᠠᠴᠠ ᠳᠡᠭᠡᠭᠰᠢ ᠪᠣᠯᠤᠭᠰᠠᠨ ᠦᠭᠡᠢ ᠲᠠᠷᠢᠶᠠᠨ ᠭᠠᠵᠠᠷ ᠲᠤ ᠨᠥᠬᠦᠪᠦᠷᠢ ᠮᠥᠩᠭᠦ ᠣᠯᠭᠤᠬᠤ ᠶᠢ ᠬᠤᠶᠢᠰᠢᠯᠠᠭᠤᠯᠬᠤ ᠪᠤᠶᠤ ᠲᠦᠷ ᠵᠣᠭᠰᠣᠭᠠᠨ᠎ᠠ︔ ᠲᠠᠷᠢᠶᠠᠨ ᠭᠠᠵᠠᠷ ᠤᠨ ᠣᠷᠴᠢᠨ ᠠᠬᠤᠢ ᠶᠢᠨ ᠴᠡᠭᠴᠡᠯᠡᠨ ᠵᠠᠰᠠᠯᠲᠠ ᠨᠢ ᠬᠢᠨᠠᠨ ᠪᠠᠶᠢᠴᠠᠭᠠᠯᠭᠠᠬᠤ ᠱᠠᠭᠠᠷᠳᠠᠯᠬ᠎ᠠ ᠳᠤ ᠬᠦᠷᠬᠦ ᠦᠭᠡᠢ ᠲᠠᠷᠢᠶᠠᠨ ᠭᠠᠵᠠᠷ︔ ᠣᠷᠳᠣ ᠬᠤᠭᠤᠴᠠᠭ᠎ᠠ ᠪᠠᠷ ᠠᠲᠠᠷᠰᠢᠭᠤᠯᠤᠭᠰᠠᠨ ᠦᠭᠡᠢ ᠲᠠᠷᠢᠶᠠᠨ ᠭᠠᠵᠠᠷ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠤᠮᠳᠠᠬᠢ ︽ᠨᠥᠬᠦᠪᠦᠷᠢᠯᠡᠭᠰᠡᠨ︾ ᠲᠠᠯᠠᠪᠠᠶ ᠪᠠ ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠬᠦᠷᠬᠦ ᠦᠭᠡᠢ ᠲᠠᠷᠢᠶᠠᠨ ᠭᠠᠵᠠᠷ ︵ᠳᠠᠷᠤᠢ ᠤᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠤᠨ ︽ᠨᠥᠬᠦᠪᠦᠷᠢᠯᠡᠬᠦ ᠲᠠᠷᠢᠶᠠᠨ ᠭᠠᠵᠠᠷ ᠤᠨ ᠶᠠᠰᠤ ᠴᠢᠨᠠᠷ ᠤᠨ ᠦᠨᠡᠯᠡᠯᠲᠡ ᠶᠢᠨ ᠠᠵᠢᠯ ᠪᠠ ᠮᠡᠷᠭᠡᠵᠢᠯ ᠤᠨ ᠵᠢᠷᠤᠮᠵᠢᠯ︾ ᠳᠤ ᠨᠡᠶᠢᠴᠡᠬᠦ ᠦᠭᠡᠢ ᠲᠠᠷᠢᠶᠠᠨ ᠭᠠᠵᠠᠷ︶ ᠪᠠ ᠨᠢᠭᠡᠨᠲᠡ 2022 ᠣᠨ ᠤ ᠲᠠᠷᠢᠶᠠᠯᠠᠬᠤ ᠶᠢ ᠵᠣᠭᠰᠤᠭᠠᠬᠤ ᠬᠡᠪᠴᠢᠶᠡᠨ ᠳᠤ ᠣᠷᠣᠭᠤᠯᠤᠭᠰᠠᠨ ᠲᠠᠷᠢᠶᠠᠨ ᠭᠠᠵᠠᠷ ︔ ᠬᠠᠤᠯᠢ ᠪᠤᠰᠤ ᠪᠠᠷ ᠬᠠᠭᠠᠯᠪᠤᠷᠢᠯᠠᠭᠰᠠᠨ ᠵᠢᠴᠢ ᠨᠢᠭᠡᠨᠲᠡ ᠪᠤᠴᠠᠭᠠᠭᠰᠠᠨ ᠭᠠᠵᠠᠷ ᠰᠢᠷᠣᠢ ᠵᠡᠷᠭᠡ︔ ᠲᠠᠷᠢᠶᠠᠯᠠᠩ ᠤᠨ ᠪᠤᠰᠤ ᠬᠥᠮᠥᠰ ᠵᠢᠴᠢ ᠲᠠᠷᠢᠶᠠᠯᠠᠩ ᠤᠨ ᠪᠤᠰᠤ ᠨᠢᠭᠡᠴᠢ ︵ᠤᠯᠤᠰ ᠤᠨ ᠥᠮᠴᠢᠯᠡᠯ ᠤᠨ ᠲᠠᠷᠢᠶᠠᠯᠠᠩ ᠤᠨ ᠲᠠᠯᠠᠪᠠᠶ ᠪᠠᠭᠲᠠᠬᠤ ᠦᠭᠡᠢ︶ ᠶᠢᠨ ᠬᠠᠭᠠᠯᠪᠤᠷᠢᠯᠠᠭᠰᠠᠨ᠂ ᠳᠠᠭᠠᠭᠠᠴᠢᠯᠠᠭᠰᠠᠨ ᠭᠠᠵᠠᠷ ᠰᠢᠷᠣᠢ᠃      ᠳᠥᠷᠪᠡ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠦᠷᠢ ᠶᠢ ᠬᠡᠷᠡᠭᠵᠢᠭᠦᠯᠬᠦ ᠠᠭᠤᠯᠭ᠎ᠠ      ︵ᠨᠢᠭᠡ︶ ᠲᠠᠷᠢᠶᠠᠨ ᠭᠠᠵᠠᠷ ᠤᠨ ᠰᠠᠭᠤᠷᠢ ᠬᠦᠴᠦᠨ ᠤ ᠨᠥᠬᠦᠪᠦᠷᠢ ᠶᠢ ᠳᠡᠭᠡᠭᠰᠢᠯᠡᠭᠦᠯᠬᠦ      1. ᠨᠡᠶᠢᠯᠡᠮᠡᠯ ᠤᠷᠭᠠᠨᠢᠭ ᠪᠣᠷᠳᠣᠭᠤᠷ ︵ᠨᠡᠶᠢᠯᠡᠮᠡᠯ ᠲᠠᠷᠤᠭᠰᠢᠯᠠᠭᠤᠯᠤᠭᠰᠠᠨ ᠣᠷᠭᠠᠨᠢᠭ ᠪᠤᠷᠳᠤᠭᠤᠷ᠂ ᠮᠠᠯ ᠵᠢᠭᠦᠷᠲᠡᠨ ᠤ ᠪᠠᠭᠠᠰᠤ ᠰᠢᠭᠡᠰᠦ᠂ ᠡᠭᠦᠨ ᠳᠤ ᠲᠠᠸᠠᠷ ᠤᠨ ᠣᠷᠭᠠᠨᠢᠭ ᠪᠣᠷᠳᠣᠭᠤᠷ ᠪᠠᠭᠲᠠᠬᠤ ᠦᠭᠡᠢ︶ ᠢ ᠨᠡᠮᠡᠵᠦ ᠣᠷᠣᠭᠤᠯᠤᠭᠠᠳ ᠮᠦ ᠪᠦᠷᠢ ᠳᠤ 100 ᠲᠥᠭᠦᠷᠢᠭ ᠤᠨ ᠨᠥᠬᠦᠪᠦᠷᠢ ᠥᠭᠭᠦᠨ᠎ᠡ᠃ ᠲᠤᠬᠠᠢ ᠶᠢᠨ ᠵᠢᠯ ᠳᠤ ᠨᠡᠶᠢᠯᠡᠮᠡᠯ ᠤᠷᠭᠠᠨᠢᠭ ᠪᠣᠷᠳᠣᠭᠤᠷ ᠢ ᠬᠡᠷᠡᠭᠯᠡᠬᠦ ᠳᠤ᠂ ᠪᠣᠷᠳᠣᠭᠤᠷ ᠤᠨ ᠪᠣᠳᠠᠲᠠᠢ ᠮᠦ ᠶᠢᠨ ᠲᠤᠭ᠎ᠠ ᠪᠠᠷ ᠨᠥᠬᠦᠪᠦᠷᠢ ᠣᠯᠬᠤ ᠵᠣᠭᠤᠰ ᠤᠨ ᠲᠤᠭ᠎ᠠ ᠶᠢ ᠬᠢᠨᠠᠨ ᠲᠣᠭᠲᠠᠭᠠᠨ᠎ᠠ᠃ᠲᠤᠷᠰᠢᠯᠲᠠ ᠶᠢᠨ ᠣᠷᠣᠨ᠄ ᠪᠠᠶᠠᠨᠭᠤᠣᠯ ᠰᠤᠮᠤᠨ ᠤ ᠪᠠᠶᠠᠨᠭᠤᠣᠯ ᠭᠠᠴᠠᠭ᠎ᠠ᠂ ᠪᠠᠶᠠᠨᠪᠣᠭᠳᠠ ᠭᠠᠴᠠᠭ᠎ᠠ︔ ᠮᠡᠨᠳᠤᠯ ᠰᠤᠮᠤᠨ ᠤ ᠱᠠᠯᠢᠠᠬᠤᠳᠳᠤᠭ ᠭᠠᠴᠠᠭ᠎ᠠ᠂ ᠬᠤᠶᠠᠷᠬᠤᠳᠳᠤᠭ ᠭᠠᠴᠠᠭ᠎ᠠ᠂ ᠪᠠᠶᠠᠨᠬᠤᠳᠳᠤᠭ ᠭᠠᠴᠠᠭ᠎ᠠ᠂ ᠱᠠᠯᠠᠮ᠎ᠡ ᠭᠠᠴᠠᠭ᠎ᠠ ᠵᠡᠷᠭᠡ ᠪᠤᠯᠤᠨ᠎ᠠ᠃ᠬᠡᠷᠡᠭᠯᠡᠬᠦ ᠪᠠᠷᠢᠮᠵᠢᠶ᠎ᠠ᠄ ᠲᠠᠷᠢᠶᠠᠨ ᠭᠠᠵᠠᠷ ᠲᠤ ᠬᠡᠷᠡᠭᠯᠡᠬᠦ ᠣᠷᠭᠠᠨᠢᠭ ᠪᠣᠷᠳᠣᠭᠤᠷ ︵ᠨᠡᠶᠢᠯᠡᠮᠡᠯ ᠲᠠᠷᠤᠭᠰᠢᠯᠠᠭᠤᠯᠤᠭᠰᠠᠨ ᠣᠷᠭᠠᠨᠢᠭ ᠪᠤᠷᠳᠤᠭᠤᠷ᠂ ᠮᠠᠯ ᠵᠢᠭᠦᠷᠲᠡᠨ ᠤ ᠪᠠᠭᠠᠰᠤ ᠰᠢᠭᠡᠰᠦ᠂ ᠡᠭᠦᠨ ᠳᠤ ᠲᠠᠸᠠᠷ ᠤᠨ ᠣᠷᠭᠠᠨᠢᠭ ᠪᠣᠷᠳᠣᠭᠤᠷ ᠪᠠᠭᠲᠠᠬᠤ ᠦᠭᠡᠢ︶ ᠢ 500 ᠺᠢᠯᠣᠭ᠍ᠷᠠᠮ / ᠮᠦ ᠠᠴᠠ ᠳᠡᠭᠡᠭᠰᠢ ᠳᠤ ᠬᠦᠷᠦᠭᠦᠯᠵᠦ᠂ ᠣᠷᠭᠠᠨᠢᠭ ᠪᠣᠷᠳᠣᠭᠤᠷ ᠤᠨ ᠴᠡᠪᠡᠷᠳᠡᠴᠡ ᠨᠢ 85% ᠠᠴᠠ ᠳᠡᠭᠡᠭᠰᠢ ᠳᠤ ᠬᠦᠷᠦᠭᠦᠯᠵᠦ᠂ ᠤᠰᠤᠨ ᠤ ᠠᠭᠤᠯᠤᠭᠳᠠᠴᠠ ᠨᠢ 10% ᠠᠴᠠ ᠪᠠᠭ᠎ᠠ ᠪᠠᠶᠢᠯᠭᠠᠨ᠎ᠠ᠃ᠰᠢᠯᠭᠠᠨ ᠠᠪᠬᠤ ᠲᠠᠰ ᠳᠠᠷᠠᠭᠠᠯᠠᠯ᠄ ᠡᠩ ᠲᠡᠷᠢᠭᠦᠨ ᠳᠤ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠠᠴᠠ ᠡᠮᠦᠨ᠎ᠡ᠂ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠣᠯ ᠴᠣᠭᠴᠠ ᠠᠴᠠ ᠭᠠᠴᠠᠭ᠎ᠠ᠂ ᠰᠤᠮᠤ ᠪᠠᠯᠭᠠᠰᠤ ᠳᠤ ᠭᠤᠶᠤᠴᠢᠯᠠᠯ ᠬᠢᠵᠦ᠂ ᠰᠤᠮᠤ ᠪᠠᠯᠭᠠᠰᠤ ᠠᠴᠠ ᠪᠦᠷᠢᠳᠬᠡᠨ ᠬᠤᠷᠢᠶᠠᠩᠭᠤᠶᠢᠯᠠᠵᠤ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠡᠯ ᠠᠵᠤ ᠠᠬᠤᠢ ᠪᠠ ᠰᠢᠨᠵᠢᠯᠡᠬᠦ ᠣᠬᠠᠭᠠᠨ ᠲᠭᠧᠨᠢᠭ ᠮᠡᠷᠭᠡᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠣᠷᠭᠠᠨᠢᠭ ᠪᠣᠷᠳᠣᠭᠤᠷ ᠨᠡᠮᠡᠵᠦ ᠣᠷᠣᠭᠤᠯᠤᠭᠰᠠᠨ ᠤ ᠳᠠᠷᠠᠭ᠎ᠠ᠂ ᠭᠠᠴᠠᠭ᠎ᠠ᠂ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠬᠤ ᠠᠵᠢᠯ ᠤᠨ ᠳᠤᠭᠤᠶᠢᠯᠠᠩ ᠪᠦᠷᠢᠯᠳᠦᠭᠦᠯᠵᠦ᠂ ᠲᠤᠬᠠᠢ ᠶᠢᠨ ᠭᠠᠵᠠᠷ ᠲᠤᠨᠢ ᠪᠣᠷᠳᠣᠭᠤᠷ ᠤᠷᠤᠭᠤᠯᠤᠭᠰᠠᠨ ᠲᠠᠯᠠᠪᠠᠶ ᠶᠢ ᠪᠠᠶᠢᠴᠠᠭᠠᠨ ᠰᠢᠯᠭᠠᠬᠤ᠂ ᠪᠣᠷᠳᠣᠭᠤᠷ ᠣᠷᠣᠭᠤᠯᠬᠤ ᠲᠠᠷᠢᠶᠠᠨ ᠭᠠᠵᠠᠷ ᠤᠨ ᠲᠠᠯᠠᠪᠠᠶ ︵ᠳᠥᠷᠪᠡᠨ ᠵᠠᠬ᠎ᠠ ᠶᠢᠨ ᠵᠠᠭᠠᠭ ᠬᠢᠵᠠᠭᠠᠷ ᠤᠨ ᠰᠣᠯᠪᠢᠴᠠᠯ ᠤᠨ ᠴᠡᠭ︶ ᠶᠢ ᠬᠡᠮᠵᠢᠬᠦ᠂ ᠪᠠᠷᠢᠮᠲᠠ ᠶᠢ ᠬᠢᠨᠠᠨ ᠰᠢᠯᠭᠠᠬᠤ ︵ᠪᠤᠶᠤ ᠵᠢᠩᠯᠡᠬᠦ ᠬᠠᠭᠤᠳᠠᠰᠤ︶ ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ᠬᠡᠷᠡᠭᠯᠡᠭᠰᠡᠨ ᠪᠣᠷᠳᠣᠭᠤᠷ ᠤᠨ ᠲᠠᠷᠢᠶᠠᠨ ᠭᠠᠵᠠᠷ ᠤᠨ ᠮᠦ ᠶᠢᠨ ᠲᠤᠭ᠎ᠠ᠂ ᠬᠦᠨᠳᠦ ᠶᠢᠨ ᠬᠡᠮᠵᠢᠶ᠎ᠡ ᠵᠡᠷᠭᠡ ᠪᠠᠷᠢᠮᠵᠢᠶ᠎ᠠ ᠳᠤ ᠬᠦᠷᠦᠭᠰᠡᠨ ᠡᠰᠡᠬᠦ ᠶᠢ ᠰᠢᠯᠭᠠᠨ ᠲᠣᠳᠣᠷᠠᠭᠤᠯᠤᠨ᠎ᠠ       2. ᠠᠯᠠᠱᠠ ᠪᠠᠷᠠᠭᠤᠨ ᠬᠤᠰᠢᠭᠤᠨ ᠤ ᠲᠠᠷᠢᠶᠠᠨ ᠭᠠᠵᠠᠷ ᠢ ᠭᠦᠨ ᠬᠠᠭᠠᠯᠪᠤᠷᠢᠯᠠᠵᠤ ᠲᠡᠭᠰᠢᠯᠡᠬᠦ ᠠᠵᠢᠯ ᠤᠨ ᠣᠷᠣᠨ ᠪᠦᠰᠡ ᠵᠢᠴᠢ ᠲᠠᠷᠢᠶᠠᠨ ᠭᠠᠵᠠᠷ ᠤᠨ ᠠᠳᠠᠯᠢ ᠪᠤᠰᠤ᠂ ᠠᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠯᠲᠠ ᠶᠢᠨ ᠠᠳᠠᠯᠢ ᠪᠤᠰᠤ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠪᠥᠬᠦ ᠬᠤᠰᠢᠭᠤ ᠲᠡᠩᠴᠡᠭᠦᠷᠢᠲᠡᠢ ᠪᠠᠷ ᠲᠠᠷᠢᠶᠠᠨ ᠭᠠᠵᠠᠷ ᠤᠨ ᠭᠦᠨ ᠬᠠᠭᠠᠯᠪᠤᠷᠢᠯᠠᠵᠤ ᠲᠡᠭᠰᠢᠯᠡᠬᠦ ᠠᠵᠢᠯ ᠤᠨ ᠬᠢᠷᠢ ᠲᠡᠩᠴᠡᠭᠰᠡᠨ ᠬᠡᠰᠡᠭ ᠲᠤ ᠮᠦ ᠪᠦᠷᠢ ᠳᠤ 30 ᠲᠥᠭᠦᠷᠢᠭ ᠤᠨ ᠨᠥᠬᠦᠪᠦᠷᠢ ᠦᠭᠴᠦ᠂ ᠭᠦᠨ ᠰᠤᠯᠠᠷᠠᠭᠤᠯᠵᠤ ᠲᠡᠭᠰᠢᠯᠡᠭᠰᠡᠨ ᠭᠠᠵᠠᠷ ᠤᠨ ᠬᠢᠷᠢ ᠲᠡᠩᠴᠡᠭᠰᠡᠨ ᠬᠡᠰᠡᠭ ᠲᠤ ᠮᠦ ᠪᠦᠷᠢ ᠳᠤ 25 ᠲᠥᠭᠦᠷᠢᠭ ᠤᠨ ᠨᠥᠬᠦᠪᠦᠷᠢ ᠥᠭᠭᠦᠨ᠎ᠡ᠃ᠲᠤᠷᠰᠢᠯᠲᠠ ᠶᠢᠨ ᠣᠷᠣᠨ᠄ ᠮᠠᠨᠳᠣᠯ ᠰᠤᠮᠤ ᠶᠢᠨ ᠱᠠᠯᠢᠠᠬᠤᠳᠳᠤᠭ ᠭᠠᠴᠠᠭ᠎ᠠ᠂ ᠬᠤᠶᠠᠷᠬᠤᠳᠳᠤᠭ ᠭᠠᠴᠠᠭ᠎ᠠ᠂ ᠪᠠᠶᠠᠨᠬᠤᠳᠳᠤᠭ ᠭᠠᠴᠠᠭ᠎ᠠ︔ ᠱᠠᠯᠠᠮ᠎ᠡ ᠭᠠᠴᠠᠭ᠎ᠠ ᠵᠡᠷᠭᠡ ᠪᠤᠯᠤᠨ᠎ᠠ᠃ᠱᠠᠭᠠᠷᠳᠠᠯᠭ᠎ᠠ᠄ ᠭᠦᠨ ᠬᠠᠭᠠᠯᠪᠤᠷᠢᠯᠠᠬᠤ ︵ᠭᠦᠨ ᠰᠤᠯᠠᠷᠠᠭᠤᠯᠬᠤ︶ ᠠᠵᠢᠯ ᠤᠨ ᠲᠥᠬᠦᠭᠡᠷᠦᠮᠵᠢ ᠳᠤ ᠡᠷᠬᠡᠪᠰᠢ ︽ᠳᠣᠬᠢᠭᠤᠷ ᠲᠤᠯᠤᠭᠠᠨ ᠣᠳᠣᠨ ᠤ ᠭᠦᠨ ᠰᠤᠯᠠᠷᠠᠭᠤᠯᠬᠤ ᠶᠢ ᠬᠢᠨᠠᠨ ᠬᠡᠮᠵᠢᠬᠦ ᠮᠠᠰᠢᠨ︾ ᠢ ᠤᠭᠰᠠᠷᠠᠬᠤ ᠬᠡᠷᠡᠭᠲᠡᠢ᠂ ᠡᠭᠦᠨ ᠳᠤ᠄ ᠭᠦᠨ ᠬᠠᠭᠠᠯᠪᠤᠷᠢᠯᠠᠵᠤ ᠭᠠᠵᠠᠷ ᠲᠡᠭᠰᠢᠯᠡᠬᠦ ᠠᠵᠢᠯ ᠤᠨ ᠶᠠᠰᠤ ᠴᠢᠨᠠᠷ ᠤᠨ ᠱᠠᠭᠠᠷᠳᠠᠯᠭ᠎ᠠ ᠪᠣᠯ ᠬᠠᠭᠠᠯᠪᠣᠷᠢᠯᠠᠬᠤ ᠭᠦᠨ ᠤ ᠬᠡᠮᠵᠢᠶ᠎ᠡ ᠶᠢ 30 cm ᠠᠴᠠ ᠳᠡᠭᠡᠭᠰᠢ ᠪᠠᠶᠢᠯᠭᠠᠵᠦ᠂ ᠭᠦᠨ ᠬᠠᠭᠠᠯᠪᠤᠷᠢᠯᠠᠬᠤ ᠬᠡᠮᠵᠢᠶ᠎ᠡ ᠶᠢ ᠨᠢᠭᠡᠳᠦᠯᠲᠡᠢ ᠪᠠᠶᠢᠯᠭᠠᠬᠤ᠂ ᠳᠡᠭᠡᠷ᠎ᠡ ᠳᠣᠣᠷ᠎ᠠ ᠬᠥᠷᠥᠰᠥ ᠶᠢ ᠬᠠᠷᠢᠯᠴᠠᠨ ᠰᠣᠯᠢᠵᠤ᠂ ᠬᠠᠷᠢᠯᠴᠠᠨ ᠬᠤᠯᠢᠯᠳᠠᠭᠤᠯᠤᠭᠰᠠᠨ ᠪᠠᠶᠢᠬᠤ ᠬᠡᠷᠡᠭᠲᠡᠢ᠃ ᠪᠦᠳᠦᠭᠦᠨ ᠪᠦᠬᠦᠯᠢ ᠰᠢᠷᠣᠢ ᠪᠠ ᠢᠯᠡᠷᠬᠡᠢ ᠭᠤᠤ ᠰᠤᠪᠠᠭ ᠭᠠᠷᠭᠠᠬᠤ ᠦᠭᠡᠢ᠂ ᠭᠦᠨ ᠬᠠᠭᠠᠯᠪᠤᠷᠢᠯᠠᠬᠤ ᠵᠠᠢ ᠶᠢ ᠵᠢᠭᠳᠡ ᠪᠠᠶᠢᠯᠭᠠᠬᠤ ᠬᠡᠷᠡᠭᠲᠡᠢ᠂ ᠬᠥᠷᠥᠰᠥ ᠰᠢᠷᠣᠢ ᠶᠢ ᠰᠠᠶᠢᠵᠢᠷᠠᠭᠤᠯᠬᠤ ᠪᠠ ᠬᠥᠷᠥᠰᠥ ᠰᠢᠷᠣᠢ ᠶᠢᠨ ᠨᠡᠪᠲᠡᠷᠡᠬᠦ ᠴᠢᠨᠠᠷ ᠢ ᠨᠡᠮᠡᠭᠳᠡᠭᠦᠯᠬᠦ ᠦᠢᠯᠡᠳᠦᠯ ᠲᠠᠢ ᠪᠠᠶᠢᠯᠭᠠᠬᠤ ᠶᠢ ᠱᠠᠭᠠᠷᠳᠠᠨ᠎ᠠ︔ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠠᠵᠢᠯ ᠤᠨ ᠶᠠᠰᠤ ᠴᠢᠨᠠᠷ ᠤᠨ ᠱᠠᠭᠠᠷᠳᠠᠯᠭ᠎ᠠ ᠶᠢᠨ ᠭᠦᠨ ᠤ ᠬᠡᠮᠵᠢᠶ᠎ᠡ ᠨᠢ ᠶᠡᠷᠦ ᠳᠡᠭᠡᠨ 35 cm ᠠᠴᠠ ᠳᠡᠭᠡᠭᠰᠢ ᠪᠠᠶᠢᠵᠤ᠂ ᠬᠠᠭᠠᠯᠪᠤᠷᠢᠯᠠᠭᠰᠠᠨ ᠤ ᠳᠠᠷᠠᠭ᠎ᠠ ᠲᠠᠷᠢᠶᠠᠨ ᠭᠠᠵᠠᠷ ᠢ ᠲᠡᠭᠰᠢᠯᠡᠨ᠂ ᠬᠥᠷᠥᠰᠥ ᠰᠢᠷᠣᠢ ᠶᠢ ᠨᠠᠷᠢᠰᠬᠠᠵᠤ᠂ ᠲᠠᠷᠢᠶᠠᠯᠠᠬᠤ ᠠᠴᠠ ᠭᠤᠭᠤᠵᠢᠭᠳᠠᠭᠰᠠᠨ ᠦᠭᠡᠢ᠂ ᠭᠦᠨ ᠭᠦᠢᠬᠡᠨ ᠢ ᠨᠢᠭᠡᠳᠦᠯᠲᠡᠢ ᠪᠠᠶᠢᠯᠭᠠᠵᠤ᠂ ᠲᠠᠷᠢᠬᠤ ᠪᠠᠷ ᠪᠠᠶᠢᠭ᠎ᠠ ᠪᠠᠶᠢᠳᠠᠯ ᠳᠤ ᠬᠦᠷᠦᠭᠦᠯᠬᠦ ᠬᠡᠷᠡᠭᠲᠡᠢ︔ ᠭᠠᠵᠠᠷ ᠲᠡᠭᠰᠢᠯᠡᠨ ᠰᠢᠢᠳᠪᠦᠷᠢᠯᠡᠬᠦ ᠳᠤ ᠭᠤᠣᠯᠳᠠᠭᠤ ᠲᠣᠮᠣ ᠬᠦᠴᠦᠳᠦ ᠲᠷᠠᠺᠲ᠋ᠣᠷ ᠢᠶᠠᠷ 3 m ᠵᠢᠴᠢ ᠲᠡᠭᠦᠨ ᠠᠴᠠ ᠳᠡᠭᠡᠭᠰᠢᠬᠢ ᠶᠢ ᠳᠠᠭᠠᠭᠤᠯᠢ ᠤᠳᠤᠨ ᠤ ᠭᠠᠵᠠᠷ ᠲᠡᠭᠰᠢᠯᠡᠬᠦ ᠬᠡᠮᠵᠢᠭᠦᠷᠯᠢᠭ ᠢ ᠬᠡᠷᠡᠭᠯᠡᠨ ᠭᠦᠨ ᠬᠠᠭᠠᠯᠪᠤᠷᠢᠯᠠᠭᠰᠠᠨ ᠤ ᠳᠠᠷᠠᠭ᠎ᠠ᠂ ᠭᠠᠵᠠᠷ ᠤᠨ ᠲᠡᠭᠰᠢᠯᠡᠯᠲᠡ ᠶᠢᠨ ᠬᠡᠮᠵᠢᠶ᠎ᠡ ᠶᠢᠨ ᠵᠥᠷᠢᠶ᠎ᠡ ᠨᠢ 5 cm ᠠᠴᠠ ᠬᠡᠲᠦᠷᠡᠬᠦ ᠦᠭᠡᠢ ᠪᠠᠶᠢᠵᠤ᠂ ᠬᠥᠷᠥᠰᠥ ᠰᠢᠷᠣᠢ ᠶᠢᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠦᠨ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠤᠷᠠᠭᠤᠯᠵᠤ᠂ ᠤᠰᠤ ᠠᠷᠪᠢᠯᠠᠵᠤ ᠤᠨᠠᠯᠲᠠ ᠶᠢ ᠨᠡᠮᠡᠭᠳᠡᠭᠦᠯᠬᠦ ᠪᠦᠳᠦᠮᠵᠢ ᠳᠤ ᠭᠦᠷᠦᠭᠦᠯᠦᠨ᠎ᠡ᠃ᠰᠢᠯᠭᠠᠨ ᠬᠤᠷᠢᠶᠠᠬᠤ ᠲᠠᠰ ᠳᠠᠷᠠᠭᠠᠯᠠᠯ᠄ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠣᠯ ᠴᠣᠭᠴᠠ ᠨᠢ ᠰᠤᠮᠤ ᠪᠠᠯᠭᠠᠰᠤ᠂ ᠭᠠᠴᠠᠭ᠎ᠠ ᠳᠤ ᠪᠠᠨ ᠮᠡᠳᠡᠭᠦᠯᠵᠦ᠂ ᠡᠯ᠎ᠡ ᠰᠤᠮᠤ ᠪᠠᠯᠭᠠᠰᠤ ᠂ ᠭᠠᠴᠠᠭ᠎ᠠ ᠨᠢ ᠲᠤᠰᠬᠠᠢ ᠬᠥᠮᠥᠨ ᠲᠣᠬᠢᠷᠠᠭᠤᠯᠤᠨ ᠪᠦᠷᠢᠳᠬᠡᠨ ᠬᠤᠷᠢᠶᠠᠩᠭᠤᠶᠢᠯᠠᠵᠦ ᠳᠡᠭᠡᠭᠰᠢ ᠮᠠᠳᠡᠭᠦᠯᠦᠨ᠎ᠡ᠂ ᠲᠤᠭ᠎ᠠ ᠪᠠᠷᠢᠮᠲᠠ ᠶᠢᠨ ᠦᠨᠡᠨ ᠣᠨᠣᠪᠴᠢᠲᠠᠶ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠦᠨ᠂ ᠲᠠᠷᠢᠶᠠᠯᠠᠬᠤ ᠭᠠᠵᠠᠷ ᠢ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠬᠤ ᠭᠤᠶᠤᠴᠢᠯᠠᠯᠳᠠ ᠬᠢᠵᠤ᠂ ᠬᠠᠷᠭᠤᠭᠤᠯᠤᠨ ᠪᠠᠶᠢᠴᠠᠭᠠᠯᠳᠠ ᠬᠢᠭᠰᠡᠨ ᠦᠭᠡᠢ ᠭᠠᠵᠠᠷ ᠲᠤ ᠨᠥᠬᠦᠪᠦᠷᠢ ᠥᠭᠬᠦ ᠦᠭᠡᠢ᠃      3. ᠳᠤᠰᠤᠯᠭᠠᠨ ᠤᠰᠤᠯᠠᠬᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠬᠡᠷᠡᠭᠯᠡᠨ ᠪᠣᠷᠳᠣᠭᠤᠷ ᠢ ᠪᠠᠭᠠᠰᠬᠠᠵᠦ᠂ ᠦᠷ᠎ᠡ ᠠᠰᠢᠭ ᠢ ᠨᠡᠮᠡᠭᠳᠡᠭᠦᠯᠬᠦ᠂ ᠤᠰᠤ ᠶᠢ ᠠᠷᠪᠢᠯᠠᠨ ᠬᠤᠷᠣᠭᠳᠠᠯ ᠢ ᠪᠠᠭᠠᠰᠬᠠᠬᠤ ᠨᠥᠬᠦᠪᠦᠷᠢ ᠶᠢᠨ ᠪᠠᠷᠢᠮᠵᠢᠶ᠎ᠠ ᠳᠤ ᠬᠦᠷᠭᠡᠪᠡᠯ᠂ ᠮᠦ ᠪᠦᠷᠢ ᠳᠤ 15 ᠲᠥᠭᠦᠷᠢᠭ ᠤᠨ ᠨᠥᠬᠦᠪᠦᠷᠢ ᠥᠭᠦᠨ᠎ᠡ᠃ᠲᠤᠷᠰᠢᠯᠲᠠ ᠶᠢᠨ ᠣᠷᠣᠨ᠄ ᠪᠠᠳᠠᠢ ᠶᠢᠨ ᠵᠢᠷᠢᠨ ᠪᠠᠯᠭᠠᠰᠤ᠂ ᠪᠠᠶᠠᠨᠭᠤᠣᠯ ᠰᠤᠮᠤ᠂ ᠠᠯᠲᠠᠨᠴᠤᠭ ᠰᠤᠮᠤ᠂ ᠶᠠᠪᠠᠷᠠᠢ ᠪᠠᠯᠭᠠᠰᠤ᠂ ᠠᠯᠳ᠋ᠬᠠᠣᠪᠣᠭ᠎ᠠ ᠪᠠᠯᠭᠠᠰᠤ᠂ ᠲᠠᠩᠰᠤᠭᠪᠤᠯᠠᠭ ᠰᠤᠮᠤ᠂ ᠮᠠᠨᠳᠤᠯ ᠰᠤᠮᠤ ︵ᠰᠢᠯᠢᠨᠪᠤᠯᠠᠭ ᠭᠠᠴᠠᠭ᠎ᠠ᠂ ᠬᠦᠳᠡᠭᠡᠬᠤᠳᠳᠤᠭ ᠭᠠᠴᠠᠭ᠎ᠠ᠂ ᠭᠤᠷᠪᠠᠨᠬᠤᠳᠳᠤᠭ ᠭᠠᠴᠠᠭ᠎ᠠ︶ ᠵᠡᠷᠭᠡ ᠪᠤᠯᠤᠨ᠎ᠠ᠃ᠱᠠᠭᠠᠷᠳᠠᠯᠭ᠎ᠠ᠄ ᠳᠤᠰᠤᠯᠭᠠᠨ ᠤᠰᠤᠯᠠᠬᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠬᠡᠷᠡᠭᠯᠡᠭᠰᠡᠨ ᠲᠠᠷᠢᠶᠠᠨ ᠭᠠᠵᠠᠷ ᠲᠤ᠂ ᠨᠥᠬᠦᠪᠦᠷᠢ ᠶᠢᠨ ᠪᠠᠷᠢᠮᠵᠢᠶ᠎ᠠ ᠶᠢ ᠲᠤᠬᠠᠢ ᠶᠢᠨ ᠵᠢᠯ ᠤᠨ ᠤᠰᠤ ᠠᠷᠪᠢᠯᠠᠬᠤ ᠳᠤᠰᠤᠯᠭᠠᠨ ᠤᠰᠤᠯᠠᠬᠤ ᠪᠡᠯᠡᠳᠬᠡᠮᠵᠢ ᠶᠢ ᠬᠡᠷᠡᠭᠯᠡᠭᠰᠡᠨ ᠪᠣᠳᠠᠲᠠᠢ ᠲᠠᠯᠠᠪᠠᠶ ᠪᠠᠷ ᠲᠣᠭᠠᠴᠠᠭ᠎ᠠ ᠬᠢᠵᠦ ᠂ ᠡᠷᠬᠡᠪᠰᠢ ᠳᠤᠰᠤᠯᠭᠠᠨ ᠤᠰᠤᠯᠠᠬᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠬᠡᠷᠡᠭᠯᠡᠭᠰᠡᠨ ᠲᠠᠯᠠᠪᠠᠶ ᠶᠢᠨ ᠭᠡᠷᠡᠴᠢ ᠪᠤᠶᠤ ᠰᠢᠯᠭᠠᠨ ᠬᠤᠷᠢᠶᠠᠭᠰᠠᠨ ᠰᠤᠮᠤ᠂ ᠭᠠᠴᠠᠭ᠎ᠠ ︵ᠲᠣᠰᠬᠤᠨ︶ ᠶᠢᠨ ᠲᠠᠮᠠᠭ᠎ᠠ ᠳᠠᠷᠤᠭᠰᠠᠨ᠂ ᠤᠳᠤᠷᠢᠳᠤᠯᠭ᠎ᠠ ᠶᠢᠨ ᠭᠠᠷ ᠤᠨ ᠥᠰᠥᠭ ᠵᠢᠷᠤᠭᠰᠠᠨ ᠪᠠᠶᠢᠪᠠᠯ ᠰᠠᠶ᠋ᠢ ᠨᠥᠬᠦᠪᠦᠷᠢ ᠬᠦᠷᠲᠡᠵᠦ ᠪᠣᠯᠣᠨ᠎ᠠ᠂ ᠡᠰᠡᠪᠡᠯ ᠨᠥᠬᠦᠪᠦᠷᠢ ᠥᠭᠬᠦ ᠦᠭᠡᠢ︔ 2022 ᠣᠨ ᠳᠤ ᠥᠨᠳᠥᠷ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠶᠢᠨ ᠲᠠᠷᠢᠶᠠᠨ ᠭᠠᠵᠠᠷ ᠲᠤ ᠨᠥᠬᠦᠪᠦᠷᠢ ᠥᠭᠬᠦ ᠦᠭᠡᠢ᠃      ︵ᠬᠤᠶᠠᠷ︶ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ      ᠨᠥᠬᠦᠪᠦᠷᠢ ᠶᠢᠨ ᠪᠠᠷᠢᠮᠵᠢᠶ᠎ᠠ᠄ ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ︽2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢ ᠪᠠᠭᠤᠯᠭᠠᠬᠤ ᠲᠤᠬᠠᠢ ᠮᠡᠳᠡᠭᠳᠡᠯ︾ ︵ᠠᠯᠠᠱᠠ ᠡᠳ᠋ ᠲᠠᠷᠢᠶᠠᠯᠠᠩ ︹2021︺ 861 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠠᠯᠠᠱᠠ ᠪᠠᠷᠠᠭᠤᠨ ᠬᠤᠰᠢᠭᠤᠨ ᠳᠤ ᠪᠠᠭᠤᠯᠭᠠᠭᠰᠠᠨ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠨᠢ 226.8 ᠲᠦᠮᠡᠨ ᠲᠥᠭᠦᠷᠢᠭ ᠪᠠᠶᠢᠨ᠎ᠠ᠃ 2022 ᠣᠨ ᠳᠤ᠂ ᠲᠠᠷᠢᠶᠠᠨ ᠭᠠᠵᠠᠷ ᠤᠨ ᠰᠠᠭᠤᠷᠢ ᠬᠦᠴᠦᠨ ᠤ ᠨᠥᠬᠦᠪᠦᠷᠢ ᠶᠢᠨ ᠪᠠᠷᠢᠮᠵᠢᠶ᠎ᠠ ᠨᠢ᠄ ᠨᠥᠬᠦᠪᠦᠷᠢ ᠶᠢᠨ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠶᠢᠨ 70% ᠶᠢ ᠬᠢᠨᠠᠨ ᠪᠠᠶᠢᠴᠠᠭᠠᠵᠤ ᠲᠣᠭᠲᠠᠭᠠᠭᠰᠠᠨ ᠨᠥᠬᠦᠪᠦᠷᠢ ᠶᠢᠨ ᠬᠡᠪᠴᠢᠶᠡᠨ ᠳᠤ ᠣᠷᠣᠭᠤᠯᠤᠭᠰᠠᠨ ᠲᠠᠷᠢᠶᠠᠨ ᠭᠠᠵᠠᠷ ᠢ ᠲᠥᠰᠥᠭᠡᠯᠡᠨ ᠪᠤᠳᠤᠭᠰᠠᠨ ᠤ ᠳᠠᠷᠠᠭ᠎ᠠ᠂ ᠲᠡᠭᠰᠢᠳᠬᠡᠨ ᠣᠯᠭᠤᠨ᠎ᠠ᠃      ᠨᠥᠬᠦᠪᠦᠷᠢ ᠮᠥᠩᠭᠦ ᠶᠢᠨ ᠲᠤᠭ᠎ᠠ᠄ ᠲᠤᠰ ᠲᠠᠷᠢᠶᠠᠴᠢᠨ ᠡᠷᠦᠭᠡ ᠶᠢᠨ ᠬᠢᠨᠠᠨ ᠲᠣᠭᠲᠠᠭᠠᠭᠰᠠᠨ ᠨᠥᠬᠦᠪᠦᠷᠢ ᠥᠭᠬᠦ ᠲᠠᠯᠠᠪᠠᠢ × ᠮᠦ ᠪᠦᠷᠢ ᠶᠢᠨ ᠨᠥᠬᠦᠪᠦᠷᠢ ᠥᠭᠬᠦ ᠪᠠᠷᠢᠮᠵᠢᠶ᠎ᠠ᠃      ᠨᠥᠬᠦᠪᠦᠷᠢ ᠥᠭᠬᠦ ᠠᠷᠭ᠎ᠠ ᠬᠡᠮᠵᠢᠶ᠎ᠡ ᠪᠠ ᠱᠠᠭᠠᠷᠳᠠᠯᠭ᠎ᠠ᠄ ᠬᠤᠶᠠᠳᠤᠭᠠᠷ ᠡᠭᠡᠯᠵᠢ ᠶᠢᠨ ᠳᠠᠭᠠᠭᠠᠴᠢᠯᠠᠭᠤᠯᠬᠤ᠂ ᠡᠷᠬᠡ ᠶᠢ ᠨᠤᠲᠠᠯᠠᠨ ᠲᠣᠭᠲᠠᠭᠠᠬᠤ᠂ ᠠᠮᠤ ᠪᠤᠳᠠᠭ᠎ᠠ ᠲᠠᠷᠢᠬᠤ ᠲᠠᠷᠢᠶᠠᠨ ᠭᠠᠵᠠᠷ ᠲᠤ ᠳᠠᠭᠠᠭᠠᠴᠢᠯᠠᠨ ᠡᠵᠡᠩᠨᠡᠭᠴᠢ ᠭᠦᠨ ᠰᠤᠯᠠᠷᠠᠭᠤᠯᠬᠤ ︵ᠭᠦᠨ ᠬᠠᠭᠠᠯᠪᠤᠷᠢᠯᠠᠬᠤ︶ ᠠᠷᠭ᠎ᠠ ᠶᠢ ᠠᠪᠤᠭᠰᠠᠨ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠷᠡᠭᠯᠡᠬᠦ ᠬᠡᠮᠵᠢᠶ᠎ᠡ ᠶᠢ ᠪᠠᠭᠠᠰᠬᠠᠨ᠂ ᠣᠰᠦ ᠪᠣᠷᠳᠣᠭᠤᠷ ᠢ ᠨᠢᠭᠡ ᠴᠣᠭᠴᠠᠵᠢᠭᠤᠯᠬᠤ᠂ ᠨᠢᠭᠡᠳᠦᠯᠲᠡᠢ ᠰᠡᠷᠭᠡᠶᠢᠯᠡᠨ ᠡᠵᠡᠮᠳᠡᠬᠦ᠂ ᠣᠷᠭᠠᠨᠢᠭ ᠪᠣᠷᠳᠣᠭᠤᠷ ᠢ ᠨᠡᠮᠡᠵᠦ ᠣᠷᠣᠭᠤᠯᠬᠤ᠂ ᠠᠮᠢᠳᠤ ᠪᠣᠳᠠᠰ ᠤᠨ ᠪᠣᠷᠳᠣᠭᠤᠷ ᠢ ᠣᠷᠣᠭᠤᠯᠬᠤ᠂ ᠰᠦᠯᠢᠶᠥᠦ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠵᠡᠷᠭᠡ ᠠᠷᠭ᠎ᠠ ᠬᠡᠮᠵᠢᠶ᠎ᠡ ᠶᠢᠨ ᠳᠣᠲᠣᠷᠠᠬᠢ ᠠᠯᠢ ᠨᠢᠭᠡ ᠵᠦᠢᠯ ᠢ ᠨᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠦᠷᠢ ᠶᠢ ᠬᠦᠷᠳᠡᠬᠦ ᠶᠢᠨ ᠤᠷᠢᠲᠠᠯ ᠨᠥᠬᠦᠴᠡᠯ ᠪᠣᠯᠭᠠᠵᠤ ᠪᠣᠯᠣᠨ᠎ᠠ᠃      ᠲᠠᠪᠤ᠂ ᠨᠥᠬᠦᠪᠦᠷᠢ ᠥᠭᠬᠦ ᠠᠯᠬᠤᠮ ᠳᠠᠷᠠᠭ᠎ᠠ      ︵ᠨᠢᠭᠡ︶ ᠲᠥᠷᠥᠯ ᠵᠦᠢᠯ ᠢ ᠬᠡᠷᠡᠭᠵᠢᠭᠦᠯᠬᠦ ᠭᠤᠶᠤᠴᠢᠯᠠᠯ ᠤᠨ ᠬᠦᠰᠦᠨᠦᠭᠲᠦ ᠶᠢ ᠴᠠᠭ ᠲᠤᠬᠠᠢ ᠲᠤᠨᠢ ᠪᠦᠷᠢᠳᠬᠡᠨ ᠮᠡᠳᠡᠭᠦᠯᠬᠦ ᠬᠡᠷᠡᠭᠲᠡᠢᠲᠥᠷᠥᠯ ᠵᠦᠢᠯ ᠢ ᠬᠡᠷᠡᠭᠵᠢᠭᠦᠯᠬᠦ ᠰᠤᠮᠤ ᠪᠠᠯᠭᠠᠰᠤ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠲᠣᠰ ᠬᠠᠷᠢᠶ᠎ᠠ ᠣᠷᠣᠨ ᠤ ᠳᠣᠲᠣᠷᠠᠬᠢ ᠱᠠᠭᠠᠷᠳᠠᠯᠭ᠎ᠠ ᠳᠤ ᠨᠡᠶᠢᠴᠡᠬᠦ ᠲᠠᠷᠢᠶᠠᠴᠢᠨ ᠡᠷᠦᠬᠡ ︵ᠪᠤᠶᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ︶ ᠵᠢᠴᠢ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠭᠦᠨ ᠰᠤᠯᠠᠷᠠᠭᠤᠯᠬᠤ ︵ᠭᠦᠨ ᠬᠠᠭᠠᠯᠪᠤᠷᠢᠯᠠᠬᠤ︶ ᠶᠢᠨ ᠪᠦᠬᠦᠯᠢ ᠭᠠᠵᠠᠷ ᠤᠨ ᠲᠠᠯᠠᠪᠠᠶ᠂ ᠣᠰᠦ ᠪᠣᠷᠳᠣᠭᠤᠷ ᠢ ᠨᠢᠭᠡ ᠴᠣᠭᠴᠠᠵᠢᠭᠤᠯᠬᠤ᠂ ᠲᠠᠷᠢᠮᠠᠯ ᠤᠨ ᠲᠠᠯᠠᠪᠠᠶ ᠶᠢᠨ ᠪᠦᠷᠢᠳᠬᠡᠯ᠂ ᠭᠤᠶᠤᠴᠢᠯᠠᠬᠤ ᠬᠦᠰᠦᠨᠦᠭᠲᠦ ᠵᠡᠷᠭᠡ ᠶᠢ ᠠᠷᠤ ᠳᠤᠨᠢ ᠳᠠᠭᠠᠯᠳᠤᠭᠤᠯᠤᠨ᠎ᠠ ︵ᠣᠪᠣᠭ ᠨᠡᠷ᠎ᠡ᠂ ᠭᠡᠷ ᠪᠦᠯᠢ ᠶᠢᠨ ᠬᠥᠮᠥᠨ ᠠᠮᠠ᠂ ᠪᠡᠶ᠎ᠡ ᠶᠢᠨ ᠦᠨᠡᠮᠯᠡᠯ ᠤᠨ ᠨᠤᠮᠧᠷ᠂ ᠲᠠᠷᠢᠶᠠᠴᠢᠨ ᠠᠶᠢᠯ ᠤᠨ ᠪᠣᠷᠳᠣᠭᠤᠷ ᠢ ᠬᠡᠷᠡᠭᠯᠡᠬᠦ ᠲᠠᠯᠠᠪᠠᠶ᠂ ᠭᠦᠨ ᠬᠠᠭᠠᠯᠪᠤᠷᠢᠯᠠᠬᠤ ᠲᠠᠯᠠᠪᠠᠶ᠂ ᠭᠦᠨ ᠰᠤᠯᠠᠷᠠᠭᠤᠯᠬᠤ ᠪᠦᠬᠦᠯᠢ ᠭᠠᠵᠠᠷ ᠤᠨ ᠲᠠᠯᠠᠪᠠᠶ᠂ ᠣᠰᠣᠯᠠᠬᠤ ᠪᠣᠷᠳᠣᠭᠤᠷ ᠢ ᠨᠢᠭᠡ ᠴᠣᠭᠴᠠᠵᠢᠭᠤᠯᠬᠤ ᠲᠠᠯᠠᠪᠠᠶ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠭᠲᠠᠨ᠎ᠠ︶᠃ ᠬᠡᠷᠡᠭᠵᠢᠭᠦᠯᠬᠦ ᠨᠥᠬᠦᠴᠡᠯ ᠳᠤ ᠨᠡᠶᠢᠴᠡᠬᠦ ᠲᠠᠷᠢᠶᠠᠴᠢᠨ ᠡᠷᠦᠬᠡ ︵ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ︶ ᠨᠢ ᠪᠠᠶᠢᠭ᠎ᠠ ᠭᠠᠴᠠᠭ᠎ᠠ᠂ ᠰᠤᠮᠤ ᠪᠠᠯᠭᠠᠰᠤᠨ ᠳᠤ ᠬᠦᠷᠴᠦ ᠮᠡᠳᠡᠭᠦᠯᠬᠦ ᠬᠡᠷᠡᠭᠲᠡᠢ︔ ᠰᠤᠮᠤ ᠪᠠᠯᠭᠠᠰᠤ ᠨᠢ ᠲᠤᠰᠬᠠᠢ ᠬᠥᠮᠥᠨ ᠲᠣᠬᠢᠷᠠᠭᠤᠯᠤᠨ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ ᠬᠤᠷᠢᠶᠠᠩᠭᠤᠶᠢᠯᠠᠵᠤ᠂ ᠲᠥᠷᠥᠯ ᠵᠦᠢᠯ ᠢ ᠬᠡᠷᠡᠭᠵᠢᠭᠦᠯᠬᠦ ᠭᠤᠶᠤᠴᠢᠯᠠᠯ ᠤᠨ ᠬᠦᠰᠦᠨᠦᠭᠲᠦ ᠶᠢ ᠭᠠᠴᠠᠭ᠎ᠠ ᠳᠤ ᠠᠳᠠᠭ ᠲᠠᠭᠠᠨ 5 ᠡᠳᠦᠷ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠦᠭᠡᠢ ᠪᠠᠶᠢᠪᠠᠯ ᠰᠤᠮᠤ ᠪᠠᠯᠭᠠᠰᠦᠨ ᠤ ᠲᠣᠰ ᠠᠵᠢᠯ ᠢ ᠬᠠᠷᠢᠭᠤᠴᠠᠬᠤ ᠤᠳᠤᠷᠢᠳᠤᠯᠭ᠎ᠠ ᠪᠠᠷ ᠨᠤᠳᠠᠯᠠᠭᠤᠯᠤᠨ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ ᠬᠤᠰᠢᠭᠤᠨ ᠤ ᠲᠠᠷᠢᠶᠠᠯᠠᠩ ᠮᠡᠯ ᠠᠵᠦ ᠠᠬᠤᠢ ᠪᠠ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ᠂ ᠨᠥᠬᠦᠪᠦᠷᠢ ᠥᠭᠬᠦ ᠲᠥᠷᠥᠯ ᠵᠦᠢᠯ ᠤᠨ ᠲᠠᠷᠠᠭᠠᠴᠢ ᠶᠢᠨ ᠠᠵᠢᠯ ᠢ ᠥᠷᠨᠢᠭᠦᠯᠬᠦ ᠳᠤ ᠲᠥᠬᠦᠮ ᠦᠵᠡᠭᠦᠯᠦᠨ᠎ᠡ᠃      ︵ᠬᠤᠶᠠᠷ︶ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ      ᠲᠠᠷᠢᠶᠠᠴᠢᠨ ᠡᠷᠦᠬᠡ ︵ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ︶ ᠨᠢ ︽ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠭᠦᠨ ᠬᠠᠭᠠᠯᠪᠤᠷᠢᠯᠠᠬᠤ ︵ᠭᠦᠨ ᠬᠠᠭᠠᠯᠪᠤᠷᠢᠯᠠᠬᠤ︶ ᠭᠠᠵᠠᠷ ᠲᠡᠭᠰᠢᠯᠡᠬᠦ︾᠂ ᠣᠰᠦ ᠪᠣᠷᠳᠣᠭᠤᠷ ᠢ ᠨᠢᠭᠡ ᠴᠣᠭᠴᠠᠵᠢᠭᠤᠯᠬᠤ ᠠᠵᠢᠯ ᠡᠬᠢᠯᠡᠬᠦ ᠠᠴᠠ ᠡᠮᠦᠨ᠎ᠡ 3 ᠡᠳᠦᠷ ᠤᠨ ᠳᠣᠳᠣᠷ᠎ᠠ᠂ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠡᠯ ᠠᠵᠦ ᠠᠬᠤᠢ ᠪᠠ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠲᠣᠪᠴᠢᠶ᠎ᠠ ᠳᠤ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠬᠢᠨᠠᠨ ᠪᠠᠶᠢᠴᠠᠭᠠᠯᠲᠠ᠂ ᠰᠢᠯᠭᠠᠨ ᠬᠤᠷᠢᠶᠠᠬᠤ ᠶᠢ ᠭᠤᠶᠤᠴᠢᠯᠠᠭᠰᠠᠨ ᠤ ᠳᠠᠷᠠᠭ᠎ᠠ ᠰᠠᠶ᠋ᠢ ᠡᠬᠢᠯᠡᠨ ᠠᠵᠢᠯᠯᠠᠵᠤ ᠪᠣᠯᠣᠨ᠎ᠠ ᠂ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠭᠠᠷ ᠭᠦᠢᠴᠡᠳᠬᠡᠯ ᠦᠭᠡᠢ ᠪᠣᠯ ᠴᠥᠮ ᠨᠥᠬᠦᠪᠦᠷᠢ ᠥᠭᠬᠦ ᠦᠭᠡᠢ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠡᠯ ᠠᠵᠦ ᠠᠬᠤᠢ ᠪᠠ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠲᠣᠪᠴᠢᠶ᠎ᠠ ᠂ ᠡᠯ᠎ᠡ ᠰᠤᠮᠤ ᠪᠠᠯᠭᠠᠰᠤ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠭᠦᠨ ᠬᠠᠭᠠᠯᠪᠤᠷᠢᠯᠠᠬᠤ᠂ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠪᠠᠷ ᠭᠤᠶᠤᠴᠢᠯᠠᠭᠰᠠᠨ ᠲᠠᠷᠢᠶᠠᠴᠢᠨ ᠡᠷᠦᠬᠡ ︵ᠪᠤᠶᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ︶ ᠶᠢ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠵᠤ ᠰᠢᠯᠭᠠᠨ ᠬᠤᠷᠢᠶᠠᠵᠤ᠂ ᠰᠣᠩᠭᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠶᠢ 60% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠣᠷᠬᠢᠭᠳᠠᠭᠤᠯᠤᠨ ᠮᠡᠳᠡᠭᠦᠯᠦᠭᠰᠡᠨ᠂ ᠪᠤᠷᠤᠭᠤ ᠮᠡᠳᠡᠭᠦᠯᠦᠭᠰᠡᠨ ᠪᠠᠶᠢᠪᠠᠯ ᠴᠠᠭ ᠲᠤᠬᠠᠢ ᠳᠤᠨᠢ ᠲᠤᠭ᠎ᠠ ᠪᠠᠷᠢᠮᠲᠠ ᠶᠢ ᠵᠠᠯᠠᠷᠠᠭᠤᠯᠵᠤ᠂ ᠡᠴᠦᠰ ᠤᠨ ᠨᠥᠬᠦᠪᠦᠷᠢ ᠶᠢᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠪᠠᠲᠤᠯᠠᠨ᠎ᠠ᠃      ︵ᠭᠤᠷᠪᠠ︶ ᠨᠥᠬᠦᠪᠦᠷᠢ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ      ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠠᠭᠤᠭ᠎ᠠ ᠰᠤᠮᠤ ︵ᠭᠠᠴᠠᠭ᠎ᠠ︶ ᠶᠢᠨ ᠢᠯᠡ ᠨᠡᠶᠢᠲᠡᠯᠡᠬᠦ ᠲᠠᠪᠴᠠᠩ᠂ ᠠᠯᠠᠱᠠ ᠪᠠᠷᠠᠭᠤᠨ ᠬᠤᠰᠢᠭᠤᠨ ᠤ ᠠᠯᠪᠠᠨ ᠰᠦᠯᠵᠢᠶ᠎ᠡ ᠳᠤ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠭᠦᠨ ᠳᠠᠷᠢᠵᠤ ᠭᠦᠨ ᠰᠤᠯᠠᠷᠠᠭᠤᠯᠵᠤ ᠭᠠᠵᠠᠷ ᠲᠡᠭᠰᠢᠯᠡᠬᠦ᠂ ᠣᠰᠦ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ᠂ ᠲᠠᠷᠢᠮᠠᠯ ᠳᠠᠷᠢᠬᠤ ᠲᠠᠯᠠᠪᠠᠶ᠂ ᠡᠷᠦᠬᠡ ᠶᠢᠨ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠪᠠ ᠡᠷᠦᠬᠡ ᠳᠤ ᠦᠭᠭᠦᠭᠰᠡᠨ ᠨᠥᠬᠦᠪᠦᠷᠢ ᠶᠢᠨ ᠵᠣᠭᠤᠰ ᠤᠨ ᠲᠤᠭ᠎ᠠ ᠶᠢ ᠲᠣᠰ ᠲᠣᠰ 7 ᠡᠳᠦᠷ ᠵᠠᠷᠯᠠᠨ ᠨᠡᠶᠢᠲᠡᠯᠡᠵᠦ᠂ ᠢᠯᠡᠴᠢᠯᠡᠨ ᠮᠡᠳᠡᠭᠦᠯᠬᠦ ᠣᠳᠠᠰᠤ ᠲᠣᠬᠢᠷᠠᠭᠤᠯᠤᠨ᠂ ᠣᠯᠠᠨ ᠲᠦᠮᠡᠨ ᠤ ᠬᠢᠨᠠᠯᠲᠠ ᠪᠠ ᠢᠯᠡᠴᠢᠯᠡᠨ ᠮᠡᠳᠡᠭᠦᠯᠬᠦ ᠶᠢ ᠬᠦᠯᠢᠶᠡᠨ᠎ᠡ᠃      ︵ᠳᠥᠷᠪᠡ︶ ᠨᠥᠬᠦᠪᠦᠷᠢ ᠶᠢᠨ ᠪᠡᠯᠡ ᠮᠥᠩᠭᠦ ᠶᠢ ᠡᠷᠥᠭᠡ ᠳᠤ ᠥᠭᠭᠦᠨ᠎ᠡ      ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ︽ᠪᠦᠬᠦᠨ ᠳᠤ ᠲᠣᠬᠢᠷᠠᠬᠤ ᠺᠠᠷᠲ︾ ᠢᠶᠠᠷ ᠳᠡᠮᠵᠢᠨ ᠨᠥᠬᠦᠪᠦᠷᠢ ᠶᠢᠨ ᠵᠣᠭᠤᠰ ᠢ ᠨᠥᠬᠦᠴᠡᠯ ᠳᠤ ᠨᠡᠶᠢᠴᠡᠬᠦ ᠲᠠᠷᠢᠶᠠᠴᠢᠨ ᠡᠷᠦᠬᠡ ᠶᠢᠨ ᠪᠠᠩᠬᠢ ᠶᠢᠨ ᠺᠠᠷᠲ ᠲᠤ ᠶᠠᠪᠤᠭᠤᠯᠤᠨ᠎ᠠ᠃      ᠵᠢᠷᠭᠤᠭ᠎ᠠ᠂ ᠲᠠᠶᠢᠯᠤᠮᠵᠢ ᠬᠢᠭᠰᠡᠨ ᠨᠢᠭᠡᠴᠢ      ᠲᠠᠶᠢᠯᠤᠮᠵᠢ ᠬᠢᠬᠦ ᠨᠢᠭᠡᠴᠢ᠄ ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠮᠡᠷᠭᠡᠵᠢᠯ ᠢ ᠲᠦᠭᠡᠮᠡᠯᠵᠢᠭᠦᠯᠬᠦ ᠲᠥᠪ      ᠲᠠᠶᠢᠯᠪᠤᠷᠢᠯᠠᠭᠴᠢ᠄ ᠫᠧᠩᠼᠠᠭᠳᠣᠷᠵᠢ      ᠬᠠᠷᠢᠯᠴᠠᠬᠤ ᠤᠲᠠᠰᠤ᠄ 18248302004       ᠣᠣᠯ ᠪᠢᠴᠢᠭ ᠤᠨ ᠵᠠᠯᠭᠠᠪᠦᠷᠢ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ︽ᠠᠯᠠᠱᠠ ᠪᠠᠷᠠᠭᠤᠨ ᠬᠤᠰᠢᠭᠤᠨ ᠤ 2022 ᠣᠨ ᠤ ᠲᠠᠷᠢᠶᠠᠨ ᠭᠠᠵᠠᠷ ᠤᠨ ᠰᠠᠭᠤᠷᠢ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢ ᠬᠡᠷᠡᠭᠵᠢᠭᠦᠯᠬᠦ ᠲᠥᠰᠥᠯ︾ ᠢ ᠴᠣᠬᠤᠯᠠᠪᠤᠷᠢᠯᠠᠨ ᠳᠠᠮᠵᠢᠭᠤᠯᠬᠤ ᠲᠤᠬᠠᠢ ᠮᠡᠳᠡᠭᠳᠡᠯ 
 
ᠢᠷᠡᠯᠲᠡ᠄ ᠬᠤᠰᠢᠭᠤᠨ ᠤ ᠲᠠᠷᠢᠶᠠᠯᠠᠩ ᠮᠡᠯ ᠠᠵᠦ ᠠᠬᠤᠢ ᠪᠠ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号