ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2022/11/4
      ᠨᠢᠭᠡ᠂ ︽ᠠᠷᠭ᠎ᠠ︾ ᠶᠢᠨ ᠠᠬᠤᠢ ᠪᠠᠶᠢᠳᠠᠯ ᠤᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠤᠯᠲᠠ ᠶᠢᠨ ᠠᠷᠭ᠎ᠠ ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 186 ᠳ᠋ᠤᠭᠠᠷ ᠲᠣᠭᠠᠲᠤ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠡᠳ᠋ ᠲᠠᠷᠢᠶᠠᠯᠠᠩ 〔2011〕1170 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾᠂ ︽︿ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠠᠯᠠᠱᠠ ᠪᠠᠷᠠᠭᠤᠨ ᠵᠠᠰᠠᠭ ᠠᠯᠪᠠᠨ ᠲᠠᠷᠬᠠᠭᠠᠭᠰᠠᠨ 〔2022〕 40 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠠᠯᠠᠱᠠ ᠪᠠᠷᠠᠭᠤᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠤᠯᠲᠠ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠬᠤᠶᠠᠷ᠂ ︽ᠠᠷᠭ᠎ᠠ︾ ᠶᠢᠨ ᠬᠠᠷᠠᠯᠲᠠ ᠡᠭᠦᠷᠭᠡ      ᠮᠠᠨ ᠤ ᠬᠤᠰᠢᠭᠤ ᠭᠤᠣᠯᠳᠠᠯᠭ᠎ᠠ ᠲᠠᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠢ ᠬᠡᠷᠡᠭᠵᠢᠭᠦᠯᠵᠦ᠂ ︽ᠠᠯᠳ᠋ᠬᠠᠣᠪᠣᠭ᠎ᠠ ᠪᠠᠯᠭᠠᠰᠤᠨ ᠤ 6 ᠭᠠᠴᠠᠭ᠎ᠠ᠂ ᠲᠠᠩᠰᠤᠭᠪᠤᠯᠠᠭ ᠰᠤᠮᠤᠨ ᠤ 7 ᠭᠠᠴᠠᠭ᠎ᠠ᠂ ᠮᠠᠨᠳᠤᠯ ᠰᠤᠮᠤᠨ ᠤ ᠰᠢᠯᠢᠨᠪᠤᠯᠠᠭ ᠭᠠᠴᠠᠭ᠎ᠠ᠂ ᠬᠦᠳᠡᠭᠡᠬᠤᠳᠳᠤᠭ ᠭᠠᠴᠠᠭ᠎ᠠ᠂ ᠭᠤᠷᠪᠠᠨᠬᠤᠳᠳᠤᠭ ᠭᠠᠴᠠᠭ᠎ᠠ᠂ ᠱᠠᠯᠠᠮ᠎ᠡ ᠭᠠᠴᠠᠭ᠎ᠠ ᠪᠠ ᠶᠠᠪᠠᠷᠠᠢ ᠪᠠᠯᠭᠠᠰᠤᠨ ᠤ ᠰᠢᠨᠡᠬᠤᠳᠳᠤᠭ ᠭᠠᠴᠠᠭ᠎ᠠ᠂ ᠪᠠᠶᠠᠨᠰᠦ᠋ᠮᠪᠦᠷ ᠭᠠᠴᠠᠭ᠎ᠠ ᠵᠡᠷᠭᠡ ᠶᠢ ᠭᠠᠴᠠᠭ᠎ᠠ ᠪᠠᠷ ᠨᠢᠭᠡᠴᠢ ᠪᠣᠯᠭᠠᠨ ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠪᠣᠯᠭᠠᠨ ᠬᠤᠪᠢᠶᠠᠨ᠎ᠠ︔ ᠪᠤᠰᠤᠳ ᠰᠤᠮᠤ ᠪᠠᠯᠭᠠᠰᠤ ᠶᠢᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢ ᠪᠠᠭ᠎ᠠ ᠠᠩᠭᠢ ᠪᠠᠷ ᠨᠢᠭᠡᠴᠢ ᠪᠣᠯᠭᠠᠨ ᠨᠥᠬᠦᠪᠦᠷᠢᠯᠡᠬᠦ ᠬᠡᠪᠴᠢᠶᠡᠨ ᠳᠤ ᠣᠷᠣᠭᠤᠯᠤᠨ᠎ᠠ︔ ᠪᠠᠳᠠᠢ ᠶᠢᠨ ᠵᠢᠷᠢᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠦᠷᠳᠡᠭᠡ ᠶᠢ ᠨᠡᠶᠢᠲᠡ ᠶᠢᠨ ᠠᠰᠠᠷᠠᠮᠵᠢ ᠶᠢᠨ ᠤᠢ ᠶᠢᠨ ᠲᠠᠷᠬᠠᠯᠲᠠ ᠶᠢᠨ ᠬᠡᠪᠴᠢᠶ᠎ᠡ ᠪᠠᠷ ᠨᠦᠬᠦᠪᠦᠷᠢᠯᠡᠨ᠎ᠠ᠃ ᠣᠷᠣᠨ ᠪᠦᠰᠡ ᠶᠢᠨ ᠣᠨᠴᠠᠯᠢᠭ ᠪᠠ ᠬᠠᠮᠢᠶᠠᠷᠴᠤ ᠬᠠᠮᠠᠭᠠᠯᠠᠬᠤ ᠶᠢᠨ ᠬᠦᠴᠢᠷ ᠬᠢᠯᠪᠠᠷ ᠤᠨ ᠬᠡᠮᠵᠢᠶ᠎ᠡ ᠶᠢ ᠦᠨᠳᠦᠰᠦᠯᠡᠵᠦ᠂ ᠲᠥᠪᠯᠡᠷᠡᠨ ᠵᠠᠯᠭᠠᠯᠳᠤᠭᠰᠠᠨ ᠪᠠᠶᠢᠳᠠᠯ ᠢ ᠦᠨᠳᠦᠰᠦᠯᠡᠨ᠂ ᠵᠠᠭᠠᠭ ᠬᠢᠵᠠᠭᠠᠷ ᠨᠢ ᠢᠯᠡᠷᠬᠡᠢ᠂ ᠬᠠᠮᠢᠶᠠᠷᠤᠯᠲᠠ ᠳᠤ ᠳᠥᠭᠦᠮ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠲᠣᠭᠤᠷᠢᠭ ᠢ ᠵᠣᠬᠢᠰᠲᠠᠢ ᠬᠤᠪᠢᠶᠠᠷᠢᠯᠠᠵᠤ᠂ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠬᠤ ᠵᠠᠷᠴᠢᠮ ᠢ ᠬᠢᠨᠠᠮᠠᠭᠠᠢ ᠵᠢᠷᠤᠮᠯᠠᠭᠰᠠᠨ ᠰᠠᠭᠤᠷᠢᠨ ᠳᠡᠭᠡᠷ᠎ᠡ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ ᠪᠠᠷᠢᠮᠵᠢᠶ᠎ᠠ ᠵᠠᠷᠴᠢᠮ ᠪᠠᠷ ᠭᠠᠴᠠᠭ᠎ᠠ ᠪᠦᠷᠢ ᠳᠤ 2 ᠠᠴᠠ 4 ᠣᠶ ᠬᠠᠮᠠᠭᠠᠯᠠᠭᠴᠢ ᠶᠢ ᠲᠣᠭᠲᠠᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠵᠢᠴᠢ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠯᠲᠠ ᠲᠥᠬᠦᠭᠡᠷᠦᠮᠵᠢ ᠶᠢ ᠨᠠᠩ ᠰᠠᠶᠢᠲᠤᠷ ᠬᠠᠮᠢᠶᠠᠷᠤᠨ ᠬᠠᠮᠠᠭᠠᠯᠠᠵᠤ᠂ ᠮᠠᠨ ᠤ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠯᠲᠠ᠂ ᠪᠤᠶᠢᠵᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠨᠡᠶᠢᠲᠡ ᠶᠢᠨ ᠠᠰᠠᠷᠠᠮᠵᠢ ᠶᠢᠨ ᠣᠶᠢᠲᠤ ᠣᠷᠣᠨ ᠤ ᠣᠶ ᠬᠠᠮᠠᠭᠠᠯᠠᠭᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠣᠶ ᠰᠢᠭᠤᠢ ᠶᠢᠨ ᠡᠬᠢ ᠪᠠᠶᠠᠯᠢᠭ ᠤᠨ ᠲᠣᠭᠲᠠᠭᠤᠨ ᠢᠶᠠᠷ ᠨᠡᠮᠡᠭᠳᠡᠬᠦ ᠶᠢ ᠬᠠᠮᠠᠭᠠᠯᠠᠬᠤ ᠳᠤ ᠴᠢᠩᠭ᠎ᠠ ᠬᠦᠴᠦᠲᠡᠢ ᠣᠨᠣᠯ ᠤᠨ ᠦᠨᠳᠦᠰᠦᠯᠡᠯ ᠬᠠᠩᠭᠠᠭᠰᠠᠨ ᠪᠠᠶᠢᠨ᠎ᠠ᠃       ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠳᠤ᠂ ︽ᠢᠯᠡ ᠲᠣᠳᠣ᠂ ᠲᠥᠪ ᠭᠤᠥᠯᠴᠢ᠂ ᠡᠷᠬᠡ ᠲᠡᠭᠰᠢ︾ ᠪᠠᠶᠢᠬᠤ ᠵᠠᠷᠴᠢᠮ ᠪᠠᠷ ᠲᠠᠨᠢᠯᠴᠠᠭᠤᠯᠬᠤ᠂ ᠨᠢᠭᠤᠷᠲᠠᠨ ᠰᠢᠯᠭᠠᠵᠤ ᠲᠤᠷᠰᠢᠨ ᠬᠡᠷᠡᠭᠯᠡᠬᠦ ᠵᠢᠴᠢ ᠨᠢᠭᠡᠳᠦᠯᠲᠡᠢ ᠰᠢᠯᠭᠠᠨ ᠤᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠠᠴᠠ ᠤᠷᠢᠨ ᠬᠡᠷᠡᠭᠯᠡᠨ᠎ᠡ᠃ ᠣᠶ ᠶᠢᠨ ᠬᠠᠮᠠᠭᠠᠯᠠᠭᠴᠢ ᠶᠢ ᠵᠢᠯ ᠳᠤ ᠨᠢᠭᠡ ᠤᠳᠠᠭ᠎ᠠ ᠤᠷᠢᠵᠤ ᠬᠡᠷᠡᠭᠯᠡᠬᠦ ᠶᠢ ᠬᠡᠷᠡᠭᠵᠢᠭᠦᠯᠵᠦ᠂ ᠵᠢᠯ ᠤᠨ ᠬᠠᠮᠢᠶᠠᠷᠴᠤ ᠬᠠᠮᠠᠭᠠᠯᠠᠬᠤ ᠵᠠᠷᠤᠳᠠᠯ ᠨᠢ 36000 ᠲᠥᠭᠦᠷᠢᠭ ᠪᠣᠯᠬᠤ ᠪᠥᠭᠡᠳ ᠡᠭᠦᠨ ᠳᠤ ᠲᠠᠪᠤᠨ ᠳᠠᠭᠠᠳᠬᠠᠯ ᠢ ᠲᠣᠰᠢᠶᠠᠨ᠎ᠠ᠃ ᠬᠠᠮᠢᠶᠠᠷᠴᠤ ᠬᠠᠮᠠᠭᠠᠯᠠᠬᠤ ᠵᠠᠷᠤᠳᠠᠯ ᠨᠢ ᠬᠥᠮᠥᠨ ᠪᠦᠷᠢ ᠵᠢᠯ ᠪᠦᠷᠢ ᠳᠤ 6000 ᠲᠥᠭᠦᠷᠢᠭ ᠪᠠᠶᠢᠵᠤ᠂ ᠬᠡᠷᠡᠭᠯᠡᠬᠦ ᠨᠢᠭᠡᠴᠡ ᠠᠴᠠ ᠨᠢᠭᠡᠳᠦᠯᠲᠡᠢ ᠲᠣᠬᠢᠷᠠᠭᠤᠯᠤᠨ ᠬᠡᠷᠡᠭᠯᠡᠨ᠎ᠡ᠃ ᠤᠷᠢᠨ ᠲᠣᠮᠢᠯᠠᠭᠰᠠᠨ ᠣᠶ ᠶᠢᠨ ᠬᠠᠮᠠᠭᠠᠯᠠᠭᠴᠢ ᠡᠷᠬᠡᠪᠰᠢ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠴᠢᠩᠭ᠎ᠠ ᠳᠠᠭᠠᠬᠤ ᠶᠢᠨ ᠬᠠᠮᠲᠤ ᠣᠶ ᠶᠢᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠣᠶᠢᠯᠠᠭᠠᠵᠤ᠂ ᠲᠣᠰ ᠲᠣᠰ ᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠬᠢᠨᠠᠨ ᠰᠢᠯᠭᠠᠬᠤ ᠳᠤᠭᠤᠶᠢᠯᠠᠩ ᠵᠢᠯ ᠪᠦᠷᠢ ᠳᠤ ᠤᠷᠢᠨ ᠲᠣᠮᠢᠯᠠᠭᠰᠠᠨ ᠣᠶ ᠶᠢᠨ ᠬᠠᠮᠠᠭᠠᠯᠠᠭᠴᠢ ᠳᠤ ᠵᠢᠯ ᠤᠨ ᠬᠢᠨᠠᠨ ᠰᠢᠯᠭᠠᠯᠲᠠ ᠬᠢᠵᠦ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠳ ᠢ ᠳᠠᠷᠠᠭ᠎ᠠ ᠵᠢᠯ ᠳᠤᠨᠢ ᠦᠷᠭᠦᠯᠵᠢᠯᠡᠨ ᠤᠷᠢᠵᠤ᠂ ᠬᠢᠨᠠᠨ ᠰᠢᠯᠭᠠᠯᠲᠠ ᠳᠤ ᠦᠯᠦ ᠬᠢᠷᠢ ᠲᠡᠩᠴᠡᠭᠰᠡᠳ ᠢ ᠤᠷᠢᠬᠤ ᠪᠠᠨ ᠪᠣᠯᠢᠨ᠎ᠠ᠃      ᠭᠤᠷᠪᠠ᠂ ︽ᠠᠷᠭ᠎ᠠ︾ ᠶᠢᠨ ᠬᠤᠯᠪᠣᠭᠳᠠᠬᠤ ᠬᠡᠪᠴᠢᠶ᠎ᠡ      ᠠᠯᠠᠱᠠ ᠪᠠᠷᠠᠭᠤᠨ ᠬᠤᠰᠢᠭᠤᠨ ᠤ 7 ᠰᠤᠮᠤ ᠪᠠᠯᠭᠠᠰᠤᠨ ᠤ 40 ᠭᠠᠴᠠᠭ᠎ᠠ      ᠳᠥᠷᠪᠡ᠂ ︽ᠠᠷᠭ᠎ᠠ︾ ᠶᠢ ᠲᠣᠭᠲᠠᠭᠠᠬᠤ ᠲᠠᠰ ᠳᠠᠷᠠᠭᠠᠯᠠᠯ      ︵ᠨᠢᠭᠡ︶ ︽ᠠᠷᠭ᠎ᠠ︾ ᠶᠢ ᠲᠣᠭᠲᠠᠭᠠᠬᠤ ᠬᠤᠷᠠᠯ ᠬᠤᠷᠠᠯᠳᠣᠭᠤᠯᠪᠠ      ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠰᠢᠨ᠎ᠡ ᠪᠠᠶᠢᠳᠠᠯ ᠤᠨ ᠳᠣᠣᠷᠠᠬᠢ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠣᠶ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ︽ᠠᠷᠭ᠎ᠠ︾ ᠲᠣᠭᠲᠠᠭᠠᠬᠤ ᠳᠤᠭᠤᠶᠢᠯᠠᠩ ᠪᠠᠶᠢᠭᠤᠯᠵᠤ᠂ ︽ᠠᠷᠭ᠎ᠠ︾ ᠶᠢᠨ ᠦᠨᠳᠦᠰᠦᠨ ᠰᠡᠳᠬᠢᠴᠡ ᠪᠠ ᠪᠣᠷᠣ ᠲᠥᠯᠥᠪ ᠢ ᠲᠣᠭᠲᠠᠭᠠᠨ᠂ ︽ᠠᠷᠭ᠎ᠠ︾ ᠲᠣᠭᠲᠠᠭᠠᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ︽ᠠᠷᠭ᠎ᠠ︾ ᠲᠣᠭᠲᠠᠭᠠᠬᠤ ᠰᠡᠳᠬᠢᠴᠡ ᠪᠠ ᠬᠦᠲᠦᠯᠪᠦᠷᠢ ᠶᠢ ᠠᠩᠬ᠎ᠠ ᠠᠯᠬᠤᠮ ᠪᠦᠷᠢᠯᠳᠦᠭᠦᠯᠪᠡ᠃      ︵ᠬᠤᠶᠠᠷ︶ ︽ᠠᠷᠭ᠎ᠠ︾ ᠶᠢᠨ ᠠᠭᠤᠯᠭ᠎ᠠ ᠶᠢ ᠠᠯᠬᠤᠮ ᠳᠠᠷᠠᠭ᠎ᠠ ᠪᠠᠷ ᠲᠡᠭᠦᠯᠳᠡᠷᠵᠢᠭᠦᠯᠪᠡ      2022 ᠣᠨ ᠤ 5 ᠰᠠᠷ᠎ᠠ - 7 ᠰᠠᠷ᠎ᠠ ᠶᠢᠨ ᠬᠤᠭᠤᠴᠠᠭᠠᠨ ᠳᠤ᠂ ︽ᠠᠷᠭ᠎ᠠ︾ ᠳᠤ ᠴᠢᠭᠯᠡᠭᠦᠯᠦᠨ ᠶᠠᠷᠢᠯᠴᠠᠨ ᠵᠠᠰᠠᠪᠤᠷᠢ ᠣᠷᠣᠭᠤᠯᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠡᠯ᠎ᠡ ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠨ ᠢ ᠪᠠᠭᠲᠠᠭᠠᠭᠰᠠᠨ ᠬᠤᠷᠠᠯ ᠳᠤ ᠣᠷᠣᠯᠴᠠᠭᠰᠠᠳ ᠲᠤ ︽ᠠᠷᠭ᠎ᠠ︾ ᠶᠢᠨ ᠵᠦᠢ ᠵᠣᠬᠢᠰᠲᠠᠢ ᠴᠢᠨᠠᠷ ᠵᠢᠴᠢ ᠪᠣᠯᠣᠮᠵᠢᠲᠤ ᠴᠢᠨᠠᠷ ᠢ ᠬᠠᠮᠲᠤᠪᠠᠷ ᠵᠥᠪᠳᠡᠯᠴᠡᠨ ᠶᠠᠷᠢᠯᠴᠠᠵᠤ᠂ ᠣᠯᠠᠨ ᠤᠳᠠᠭ᠎ᠠ ᠶᠠᠷᠢᠯᠴᠠᠨ ᠵᠠᠰᠠᠪᠤᠷᠢ ᠣᠷᠣᠭᠤᠯᠬᠤ ᠪᠠᠷ ᠳᠡᠮᠵᠢᠨ᠂ ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ ᠲᠤᠭᠳᠠᠭᠠᠪᠠ᠃      ︵ᠭᠤᠷᠪᠠ︶ ︽ᠠᠷᠭ᠎ᠠ︾ ᠶᠢ ᠲᠤᠭᠳᠠᠭᠠᠪᠠ      2022 ᠣᠨ ᠤ 7 ᠰᠠᠷ᠎ᠠ ᠶᠢᠨ 22 ᠤᠨ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠠᠷᠭ᠎ᠠ︾ ᠶᠢᠨ ᠰᠠᠨᠠᠯ ᠬᠤᠷᠢᠶᠠᠬᠤ ᠵᠢᠴᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠵᠤ ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠢᠴᠢ ᠡᠯ᠎ᠡ ᠰᠤᠮᠤ ᠪᠠᠯᠭᠠᠰᠤ ᠶᠢᠨ ᠰᠠᠨᠠᠯ ᠢ ᠬᠤᠷᠢᠶᠠᠭᠰᠠᠨ ᠪᠥᠭᠡᠳ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠶᠢ ᠤᠷᠤᠭᠰᠢᠲᠠᠢ ᠶᠠᠪᠤᠭᠳᠠᠭᠤᠯᠪᠠ᠂ ᠬᠤᠷᠠᠯ ᠤᠨ ᠳᠠᠷᠠᠭ᠎ᠠ ᠵᠠᠰᠠᠪᠤᠷᠢ ᠣᠷᠣᠭᠤᠯᠬᠤ ᠰᠠᠨᠠᠯ ᠳᠤ ᠴᠢᠭᠯᠡᠭᠦᠯᠦᠨ ︽ᠠᠷᠭ᠎ᠠ︾ ᠶᠢᠨ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠠᠷᠭ᠎ᠠ︾ ᠶᠢᠨ ᠡᠬᠡ ᠪᠢᠴᠢᠭ ᠢ ᠪᠡᠶᠡᠯᠡᠭᠦᠯᠪᠡ᠃      ᠲᠠᠪᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠨᠢᠭᠡᠴᠢ      ᠠᠯᠠᠱᠠ ᠪᠠᠷᠠᠭᠤᠨ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ      ᠵᠢᠷᠭᠤᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ ᠬᠢᠭᠡᠳ ᠬᠠᠷᠢᠯᠴᠠᠬᠤ ᠠᠷᠭ᠎ᠠ ᠮᠠᠶ᠋ᠢᠭ      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ᠄ ᠪᠠᠢ ᠱᠧᠩ ᠮᠢᠩ      ᠬᠠᠷᠢᠯᠴᠠᠬᠤ ᠤᠲᠠᠰᠤ᠄ 13804736322      ᠲᠤᠯᠤᠭ᠎ᠠ᠂ ᠣᠣᠯ ᠪᠢᠴᠢᠭ ᠤᠨ ᠵᠠᠯᠭᠠᠪᠤᠷᠢ      ︽ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ < ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠷᠭ᠎ᠠ > ᠶᠢ ᠴᠣᠬᠤᠯᠠᠪᠤᠷᠢᠯᠠᠨ < ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠷᠭ᠎ᠠ >ᠤᠯᠠᠮᠵᠢᠯᠠᠬᠤ ᠲᠤᠬᠠᠢ ᠮᠡᠳᠡᠭᠳᠡᠯ︾ ︵ᠠᠯᠠᠱᠠ ᠪᠠᠷᠠᠭᠤᠨ ᠵᠠᠰᠠᠭ ᠠᠯᠪᠠᠨ ᠲᠠᠷᠬᠠᠭᠠᠭᠰᠠᠨ 〔2022〕39 < ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠷᠭ᠎ᠠ >ᠳ᠋ᠦ᠋ᠭᠡᠷ ᠲᠣᠭᠠᠲᠤ︶< ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠷᠭ᠎ᠠ >      ᠨᠠᠢᠮᠠ᠂ ︽ᠠᠷᠭ᠎ᠠ︾ ᠶᠢ ᠳᠠᠷᠤᠮᠠᠯᠯᠠᠨ ᠶᠠᠪᠤᠭᠤᠯᠤᠭᠰᠠᠨ ᠴᠠᠭ< ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠷᠭ᠎ᠠ >      2022 ᠣᠨ ᠤ 8 ᠰᠠᠷ᠎ᠠ ᠶᠢᠨ 12 ᠤᠨ ᠡᠳᠦᠷ ᠠᠴᠠ ᠳᠠᠷᠤᠮᠠᠯᠯᠠᠨ ᠲᠠᠷᠬᠠᠭᠠᠬᠤ ᠶᠢ ᠵᠥᠪᠰᠢᠶᠡᠷᠡᠪᠡ᠃< ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠷᠭ᠎ᠠ >< ᠠᠯᠠᠱᠠ ᠪᠠᠷᠠᠭᠤᠨ ᠬᠤᠰᠢᠭᠤᠨ ᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ ᠶᠢ ᠤᠷᠢᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠷᠭ᠎ᠠ > 
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号