︽ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠰᠤᠮᠤ ᠪᠠᠯᠭᠠᠰᠦᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠦ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/7
     ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠲᠤᠷᠠᠨ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠨ ᠯᠠᠪᠯᠠᠭᠰᠠᠨ ᠰᠠᠭᠤᠷᠢᠨ ᠳᠡᠭᠡᠷ᠎ᠡ᠂ ︽ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠰᠤᠮᠤ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠦ︾ ︵ᠳᠣᠷᠣᠭᠰᠢ ︽ᠨᠠᠷᠢᠨ ᠬᠠᠭᠤᠳᠠᠰᠦ︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ︽ᠨᠠᠷᠢᠨ ᠬᠠᠭᠤᠳᠠᠰᠦ︾ ᠳᠤ ᠳᠣᠣᠷᠠᠬᠢ ᠮᠡᠲᠦ ᠲᠣᠳᠣᠷᠬᠠᠶᠢᠯᠠᠯᠲᠠ ᠬᠢᠶ᠎ᠠ᠄     ᠨᠢᠭᠡ᠂ ᠨᠡᠶᠢᠲᠡᠯᠡᠭᠰᠡᠨ ᠠᠬᠤᠢ ᠪᠠᠶᠢᠳᠠᠯ     ᠠᠶᠢᠮᠠᠭ ᠤᠨ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠲᠤᠷᠠᠨ ᠳᠠᠮᠵᠢᠭᠤᠯᠤᠨ ᠲᠠᠷᠬᠠᠭᠠᠭᠰᠠᠨ ᠥᠪᠡᠷᠲᠡᠭᠡᠨ ᠵᠠᠰᠠᠬᠤ ᠣᠷᠣᠨ ᠤ ︽ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠯᠠᠭ᠎ᠠ ᠮᠥᠴᠢᠷ ᠪᠠ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠲᠤᠬᠠᠢ ᠮᠡᠳᠡᠭᠳᠡᠯ︾ ︵ᠠᠯᠠᠱᠠ ᠪᠠᠶᠢᠭᠤᠯᠤᠮᠵᠢ ᠣᠷᠣᠨ ᠠᠯᠪᠠᠨ ᠲᠠᠷᠬᠠᠭᠠᠭᠰᠠᠨ 〔2020〕 153 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠮᠲᠤᠷᠠᠨ ︽ᠰᠠᠯᠠᠭ᠎ᠠ ᠮᠥᠴᠢᠷ ᠪᠠ ᠰᠤᠮᠤ ᠪᠠᠯᠭᠠᠰᠤᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠦ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠠᠯᠠᠱᠠ ᠪᠠᠷᠠᠭᠤᠨ ᠪᠠᠶᠢᠭᠤᠯᠤᠮᠵᠢ ᠣᠷᠣᠨ ᠠᠯᠪᠠᠨ ᠲᠠᠷᠬᠠᠭᠠᠭᠰᠠᠨ 〔2020〕10 ᠳ᠋ᠤᠭᠠᠷ ᠲᠣᠭᠠᠲᠤ︶ ᠶᠢ ᠲᠠᠷᠬᠠᠭᠠᠪᠠ᠃ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠰᠤᠮᠤ ᠪᠠᠯᠭᠠᠰᠤ ᠬᠢᠭᠡᠳ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠴᠠᠭ ᠲᠤᠬᠠᠢ ᠳᠤᠨᠢ ᠬᠠᠷᠢᠯᠴᠠᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ ᠠᠵᠢᠯᠯᠠᠬᠤ ᠶᠢᠨ ᠲᠣᠰᠠᠳᠠ ︽ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠤᠮᠤ ᠪᠠᠯᠭᠠᠰᠣᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠣ︾ ᠶᠢ ᠠᠩᠬ᠎ᠠ ᠠᠯᠬᠤᠮ ᠲᠤᠭᠤᠷᠪᠢᠭᠰᠠᠨ ᠪᠠᠶᠢᠨ᠎ᠠ᠃ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠵᠢᠴᠢ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠠᠨᠠᠯ ᠰᠠᠨᠠᠭᠤᠯᠭ᠎ᠠ ᠶᠢ ᠤᠷᠢᠳ ᠬᠤᠵᠢᠳ 2 ᠤᠳᠠᠭ᠎ᠠ ᠬᠤᠷᠢᠶᠠᠭᠰᠠᠨ ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠡᠴᠦᠰ ᠲᠡᠭᠡᠨ ︽ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠰᠤᠮᠤ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠲᠤᠭᠤᠷᠪᠢᠯᠠᠭᠰᠠᠨ ᠪᠥᠭᠡᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠠᠷ ᠬᠠᠤᠯᠢ ᠶᠣᠰᠣᠨ ᠤ ᠬᠢᠨᠠᠯᠳᠠ ᠪᠠᠶᠢᠴᠠᠭᠠᠯᠲᠠ ᠬᠢᠯᠭᠡᠪᠡ᠃      ᠬᠤᠶᠠᠷ᠂ ᠨᠠᠷᠢᠨ ᠬᠠᠭᠤᠳᠠᠰᠤ ᠶᠢᠨ ᠴᠢᠬᠤᠯᠠ ᠴᠢᠨᠠᠷ      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠬᠢᠭᠡᠳ ᠰᠤᠮᠤ ᠪᠠᠯᠭᠠᠰᠦᠨ ᠤ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠴᠡᠭᠴᠡᠯᠡᠵᠦ᠂ ︽ᠬᠠᠷᠢᠶᠠᠲᠤ ᠣᠷᠣᠨ ᠤ ᠬᠠᠮᠢᠶᠠᠷᠤᠯᠲᠠ︾ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠶᠡᠭᠡ ᠪᠠᠷ ᠬᠥᠩᠭᠡᠯᠡᠵᠦ᠂ ᠵᠠᠭᠠᠭ ᠱᠤᠭᠤᠮ ᠲᠣᠳᠣᠷᠬᠠᠢ᠂ ᠠᠵᠢᠯ ᠤᠨ ᠬᠤᠪᠢᠶᠠᠷᠢᠯᠠᠯ ᠵᠦᠢ ᠵᠣᠬᠢᠰᠲᠠᠢ ᠂ ᠡᠷᠬᠡ ᠬᠠᠷᠢᠭᠤᠴᠠᠯᠭ᠎ᠠ ᠨᠢᠭᠡᠳᠦᠯᠲᠡᠢ ᠦᠨᠳᠦᠰᠦᠨ ᠱᠠᠲᠤᠨ ᠤ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ ᠠᠬᠢᠭᠤᠯᠤᠨ᠎ᠠ᠃      ᠭᠤᠷᠪᠠ᠂ ᠨᠠᠷᠢᠨ ᠬᠠᠭᠤᠳᠠᠰᠤ ᠶᠢᠨ ᠦᠨᠳᠦᠰᠦᠯᠡᠯ      ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︿ᠰᠤᠮᠤ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ 〔2019〕 22 ᠳ᠋ᠤᠭᠠᠷ ᠲᠣᠭᠠᠲᠤ︶᠃      ︵ᠬᠤᠶᠠᠷ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ︽ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠯᠠᠭ᠎ᠠ ᠮᠥᠴᠢᠷ ᠪᠠ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠲᠤᠬᠠᠢ ᠮᠡᠳᠡᠭᠳᠡᠯ︾ ︵ᠥᠪᠥᠷ ᠨᠠᠮ ᠣᠷᠣᠨ ᠠᠯᠪᠠᠨ ᠲᠠᠷᠬᠠᠭᠠᠭᠰᠠᠨ 〔2020〕 108 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠨ᠎ᠠ᠃      ᠳᠥᠷᠪᠡ᠂ ᠨᠠᠷᠢᠨ ᠬᠠᠭᠤᠳᠠᠰᠤ ᠶᠢᠨ ᠭᠤᠣᠯ ᠠᠭᠤᠯᠭ᠎ᠠ      ︵ᠨᠢᠭᠡ︶ ᠨᠠᠷᠢᠨ ᠬᠠᠭᠤᠳᠠᠰᠤ ᠶᠢᠨ ᠲᠦᠷᠦᠯ ᠵᠦᠢᠯ᠃ ᠨᠠᠷᠢᠨ ᠬᠠᠭᠤᠳᠠᠰᠤ ᠶᠢᠨ ᠲᠦᠷᠦᠯ ᠵᠦᠢᠯ ᠳᠤ ᠭᠤᠣᠯᠳᠠᠭᠤ ᠲᠥᠷᠥᠯ ᠢᠯᠭᠠᠯ᠂ ᠪᠣᠳᠠᠲᠠᠢ ᠵᠦᠢᠯᠡᠰ᠂ ᠬᠤᠰᠢᠭᠤᠨ ᠱᠠᠲᠤᠨ ᠤ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠰᠤᠮᠤ ᠪᠠᠯᠭᠠᠰᠦᠨ ᠤ ᠡᠭᠦᠷᠭᠡ ᠬᠠᠷᠢᠭᠤᠴᠠᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠤᠨ ᠦᠨᠳᠦᠰᠦᠯᠡᠯ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠮᠵᠢᠯᠴᠠᠬᠤ ᠬᠠᠷᠢᠭᠤᠴᠠᠯᠭ᠎ᠠ ᠵᠡᠷᠭᠡ ᠪᠠᠭᠲᠠᠨ᠎ᠠ᠃        ︵ᠬᠤᠶᠠᠷ︶ ᠨᠠᠷᠢᠨ ᠬᠠᠭᠤᠳᠠᠰᠤ ᠶᠢᠨ ᠠᠭᠤᠯᠭ᠎ᠠ᠃ ᠨᠠᠷᠢᠨ ᠬᠠᠭᠤᠳᠠᠰᠤᠨ ᠳᠤ ᠨᠡᠶᠢᠲᠡ 31 ᠲᠥᠷᠥᠯ ᠤᠨ 65 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠡᠶᠢᠲᠡᠯᠡᠪᠡ᠃ ᠡᠭᠦᠨ ᠳᠤ ᠭᠤᠣᠯ ᠴᠣᠭᠴᠠ ᠶᠢᠨ ᠬᠠᠷᠢᠭᠤᠴᠠᠯᠭ᠎ᠠ ᠨᠢ ᠰᠠᠯᠠᠭ᠎ᠠ ᠮᠥᠴᠢᠷ᠂ ᠬᠠᠮᠵᠢᠯᠴᠠᠬᠤ ᠬᠠᠷᠢᠭᠤᠴᠠᠯᠭ᠎ᠠ ᠨᠢ ᠰᠤᠮᠤ ᠪᠠᠯᠭᠠᠰᠦᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ 58 ᠪᠠᠶᠢᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠨᠢ ᠰᠤᠮᠤ ᠪᠠᠯᠭᠠᠰᠤ᠂ ᠬᠠᠮᠵᠢᠯᠴᠠᠬᠤ ᠬᠠᠷᠢᠭᠤᠴᠠᠯᠭ᠎ᠠ ᠨᠢ ᠰᠠᠯᠠᠭ᠎ᠠ ᠮᠥᠴᠢᠷ ᠪᠣᠯᠬᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ 7 ᠪᠣᠶ᠃      ᠤᠤᠯ ᠪᠢᠴᠢᠭ ᠤᠨ ᠪᠠᠭᠤᠯᠭᠠᠪᠦᠷᠢ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠰᠤᠮᠤ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ 
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号