︽ᠠᠯᠠᠱᠠ ᠪᠠᠷᠠᠭᠤᠨ ᠬᠤᠰᠢᠭᠤᠨ ᠤ 2022 ᠣᠨ ᠤ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠠ ᠳᠡᠭᠡᠷ᠎ᠡ ᠨᠥᠬᠦᠪᠦᠷᠢ ᠥᠭᠬᠦ ᠶᠢ ᠬᠡᠷᠡᠭᠵᠢᠭᠦᠯᠬᠦ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/7
      ᠨᠢᠭᠡ᠂ ᠠᠬᠤᠢ ᠪᠠᠶᠢᠳᠠᠯ ᠤᠨ ᠦᠨᠳᠦᠰᠦᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽2022 ᠣᠨ ᠤ ᠥᠪᠡᠷᠲᠡᠭᠡᠨ ᠵᠠᠰᠠᠬᠤ ᠣᠷᠣᠨ ᠤ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠠ ᠳᠡᠭᠡᠷ᠎ᠡ ᠨᠥᠬᠦᠪᠦᠷᠢ ᠥᠭᠬᠦ ᠶᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠡᠳ᠋ ᠤᠨ ᠵᠠᠰᠠᠭ ᠲᠠᠷᠢᠶᠠᠯᠠᠩ 〔2022〕 357 ᠳ᠋ᠤᠭᠠᠷ ᠲᠣᠭᠠᠲᠤ︶ ᠵᠢᠴᠢ ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽2022 ᠣᠨ ᠤ ᠠᠯᠠᠱᠠ ᠠᠶᠢᠮᠠᠭ ᠤᠨ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠠ ᠳᠡᠭᠡᠷ᠎ᠡ ᠨᠥᠬᠦᠪᠦᠷᠢ ᠥᠭᠬᠦ ᠶᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠠᠯᠠᠱᠠ ᠡᠳ᠋ ᠤᠨ ᠵᠠᠰᠠᠭ ᠲᠠᠷᠢᠶᠠᠯᠠᠩ 〔2022〕 190 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠤᠭᠳᠠᠭᠠᠪᠠ᠃      ᠬᠤᠶᠠᠷ᠂ ᠴᠢᠬᠤᠯᠠ ᠠᠴᠢ ᠬᠤᠯᠪᠣᠭᠳᠠᠯ      ᠲᠠᠷᠢᠶᠠᠯᠠᠩ ᠤᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠬᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠴᠢᠬᠤᠯᠠ ᠦᠢᠯᠡᠳᠦᠯ ᠦᠵᠡᠭᠦᠯᠪᠡ ᠃ ᠲᠠᠷᠢᠶᠠᠯᠠᠩ ᠬᠥᠳᠡᠭᠡ ᠲᠣᠰᠬᠤᠨ ᠤ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠳᠠᠭᠠᠯᠳᠤᠨ᠂ ᠢᠯᠠᠩᠭᠤᠶ᠎ᠠ ᠡᠨᠡ ᠵᠢᠯ ᠠᠴᠠ ᠨᠠᠰᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠲᠠᠰᠤᠷᠠᠯᠲᠠ ᠦᠭᠡᠢ ᠨᠡᠮᠡᠭᠳᠡᠵᠦ᠂ ᠪᠣᠳᠠᠲᠠᠢ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠵᠠᠷᠤᠯᠭ᠎ᠠ ᠶᠢᠨ ᠨᠡᠮᠡᠭᠳᠡᠯ ᠳᠤ ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠨ᠎ᠠ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠢᠳᠡᠪᠬᠢᠲᠡᠢ ᠳᠣᠬᠢᠶ᠎ᠠ ᠶᠢ ᠭᠠᠷᠭᠠᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠣᠷᠣᠯᠭ᠎ᠠ ᠶᠢ ᠪᠠᠲᠤᠯᠠᠬᠤ ᠶᠢᠨ ᠲᠥᠯᠥᠭᠡ᠂ ᠲᠥᠪ ᠠᠴᠠ ᠪᠣᠳᠠᠲᠠᠢ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠠ ᠳᠡᠭᠡᠷ᠎ᠡ ᠨᠥᠬᠦᠪᠦᠷᠢ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠢᠨ ᠥᠰᠦᠯᠲᠡ ᠶᠢ ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠠᠰᠢᠭ ᠣᠷᠣᠯᠭ᠎ᠠ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠪᠠᠷ ᠠᠷᠢᠯᠭᠠᠵᠤ᠂ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠤᠨ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠬᠤ ᠪᠠᠷ ᠲᠣᠭᠲᠠᠭᠠᠪᠠ᠃      ᠭᠤᠷᠪᠠ᠂ ᠭᠤᠣᠯ ᠠᠭᠤᠯᠭ᠎ᠠ      ︵ᠨᠢᠭᠡ︶ ᠨᠥᠬᠦᠪᠦᠷᠢ ᠣᠯᠭᠤᠬᠤ ᠡᠲᠡᠭᠡᠳ᠃ ᠲᠣᠰ ᠤᠳᠠᠭᠠᠨ ᠤ ᠨᠢᠭᠡ ᠯᠠ ᠳᠡᠭᠡᠷ᠎ᠡ ᠨᠥᠬᠦᠪᠦᠷᠢ ᠣᠯᠭᠤᠬᠤ ᠡᠲᠡᠭᠡᠳ ᠪᠣᠯ ᠪᠣᠳᠠᠲᠠᠢ ᠠᠮᠤ ᠪᠤᠳᠠᠭ᠎ᠠ ᠳᠠᠷᠢᠬᠤ ᠲᠠᠷᠢᠶᠠᠴᠢᠨ ᠪᠣᠯᠣᠨ᠎ᠠ᠂ ᠪᠣᠳᠠᠲᠠᠢ ᠪᠠᠷ ᠬᠡᠯᠡᠪᠡᠯ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ ᠪᠤᠳᠠᠭ᠎ᠠ ᠳᠠᠷᠢᠬᠤ ᠲᠠᠷᠢᠶᠠᠴᠢᠨ ᠵᠢᠴᠢ ᠭᠠᠵᠠᠷ ᠰᠢᠷᠣᠢ ᠪᠠᠨ ᠨᠡᠭᠦᠯᠭᠡᠨ ᠰᠢᠯᠵᠢᠭᠦᠯᠦᠭᠰᠡᠨ ᠠᠮᠤ ᠪᠤᠳᠠᠭ᠎ᠠ ᠳᠠᠷᠢᠬᠤ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ᠂ ᠲᠠᠷᠢᠶᠠᠴᠢᠳ ᠤᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠᠭᠲᠠᠨ᠎ᠠ᠃ ᠠᠮᠤ ᠪᠤᠳᠠᠭ᠎ᠠ ᠳᠠᠷᠢᠵᠤ ᠬᠤᠷᠢᠶᠠᠬᠤ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠳᠤ᠂ ᠦᠢᠯᠡᠴᠢᠯᠡᠭᠡᠨ ᠤ ᠬᠤᠶᠠᠷ ᠲᠠᠯ᠎ᠠ ᠶᠢᠨ ᠭᠡᠷ᠎ᠡ ︵ᠵᠥᠪᠯᠡᠯᠴᠡᠭᠡᠷ︶ ᠶᠢᠨ ᠪᠣᠯᠵᠣᠯ ᠢ ᠦᠨᠳᠦᠰᠦᠯᠡᠨ᠂ ᠵᠠᠷᠴᠢᠮ ᠳᠡᠭᠡᠷ᠎ᠡ ᠪᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠬᠦ ᠥᠪᠡᠷ ᠤᠨ ᠥᠷᠲᠡᠭ ᠢ ᠡᠭᠦᠷᠭᠡᠯᠡᠵᠦ ᠪᠠᠶᠢᠭ᠎ᠠ ᠦᠢᠯᠡᠳᠪᠦᠷᠢᠯᠡᠭᠴᠢ ᠳᠤ ᠨᠥᠬᠦᠪᠦᠷᠢᠯᠡᠵᠦ ᠥᠭᠬᠦ ᠬᠡᠷᠡᠭᠲᠡᠢ᠃ ᠭᠠᠵᠠᠷ ᠰᠢᠷᠣᠢ ᠪᠠᠨ ᠰᠢᠯᠵᠢᠭᠦᠯᠦᠭᠰᠡᠨ ᠠᠮᠤ ᠪᠤᠳᠠᠭ᠎ᠠ ᠳᠠᠷᠢᠬᠤ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠳᠤ ᠪᠣᠯ᠂ ᠲᠣᠭᠲᠠᠭᠠᠭᠰᠠᠨ ᠰᠢᠯᠵᠢᠭᠦᠯᠦᠯᠳᠡ ᠶᠢᠨ ᠭᠡᠷ᠎ᠡ ︵ᠵᠥᠪᠯᠡᠯᠴᠡᠭᠡᠷ︶ ᠶᠢ ᠦᠨᠳᠦᠰᠦᠯᠡᠨ᠂ ᠨᠥᠬᠦᠪᠦᠷᠢ ᠣᠯᠭᠤᠬᠤ ᠡᠲᠡᠭᠡᠳ ᠢ ᠲᠣᠭᠲᠠᠭᠠᠨ᠎ᠠ᠃ ᠭᠡᠷ᠎ᠡ ︵ᠵᠥᠪᠯᠡᠯᠴᠡᠭᠡᠷ︶ ᠳᠤ ᠤᠤᠯ ᠤᠨ ᠳᠠᠭᠠᠭᠠᠴᠢᠯᠠᠭᠴᠢ ᠳᠤ ᠨᠥᠬᠦᠪᠦᠷᠢ ᠥᠭᠬᠦ ᠪᠠᠷ ᠪᠣᠯᠵᠣᠨ ᠲᠣᠭᠲᠠᠭᠰᠠᠨ ᠪᠠᠶᠢᠪᠠᠯ᠂ ᠵᠥᠪᠳᠡᠯᠴᠡᠵᠦ ᠪᠠᠶᠢᠭᠠᠳ ᠭᠠᠵᠠᠷ ᠤᠨ ᠲᠦᠷᠢᠶᠡᠰᠦ ᠶᠢ ᠪᠠᠭᠠᠰᠬᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠣᠳᠠᠲᠠᠢ ᠠᠮᠤ ᠪᠤᠳᠠᠭ᠎ᠠ ᠲᠠᠷᠢᠳᠠᠭ ᠲᠠᠷᠢᠶᠠᠴᠢᠳ ᠲᠤ ᠠᠰᠢᠭ ᠬᠦᠷᠲᠡᠭᠡᠵᠦ ᠪᠣᠯᠣᠨ᠎ᠠ᠃      ︵ᠬᠤᠶᠠᠷ︶ ᠨᠦᠬᠦᠪᠦᠷᠢ ᠦᠭᠬᠦ ᠠᠮᠤ ᠪᠤᠳᠠᠭᠠᠨ ᠤ ᠲᠠᠷᠢᠮᠠᠯ ᠤᠨ ᠲᠥᠷᠥᠯ ᠵᠦᠢᠯ᠃ ᠮᠠᠨ ᠤ ᠬᠤᠰᠢᠭᠤᠨ ᠤ 2022 ᠣᠨ ᠤ ᠪᠤᠭᠤᠳᠠᠢ᠂ ᠡᠷᠳᠡᠨᠢ ᠰᠢᠰᠢ᠂ ᠨᠣᠶᠠᠨ ᠰᠢᠰᠢ ᠵᠡᠷᠭᠡ ᠠᠮᠤ ᠪᠤᠳᠠᠭᠠᠨ ᠤ ᠲᠠᠷᠢᠮᠠᠯ ᠤᠨ ᠪᠣᠳᠠᠲᠠᠢ ᠳᠠᠷᠢᠬᠤ ᠲᠠᠯᠠᠪᠠᠶ ᠶᠢ ᠦᠨᠳᠦᠰᠦᠯᠡᠨ ᠨᠥᠬᠦᠪᠦᠷᠢ ᠥᠭᠭᠦᠨ᠎ᠡ᠃      ︵ᠭᠤᠷᠪᠠ︶ ᠨᠥᠬᠦᠪᠦᠷᠢ ᠥᠭᠬᠦ ᠪᠠᠷᠢᠮᠵᠢᠶ᠎ᠠ᠃ 2022 ᠣᠨ ᠳᠤ ᠲᠥᠪ ᠤᠨ ᠡᠳ᠋ ᠤᠨ ᠵᠠᠰᠠᠭ ᠤᠨ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠠ ᠳᠡᠭᠡᠷ᠎ᠡ ᠨᠥᠬᠦᠪᠦᠷᠢ ᠪᠡᠯᠡ ᠮᠥᠩᠭᠦ ᠶᠢ 28.5 ᠲᠦᠮᠡᠨ ᠲᠥᠭᠦᠷᠢᠭ ᠪᠠᠭᠤᠯᠭᠠᠪᠠ ︵ᠠᠯᠠᠱᠠ ᠡᠳ᠋ ᠤᠨ ᠵᠠᠰᠠᠭ ᠲᠠᠷᠢᠶᠠᠯᠠᠩ ︽2022︾ 187 ᠳ᠋ᠤᠭᠠᠷ ᠲᠣᠭᠠᠲᠤ︶᠂ ᠨᠥᠬᠦᠪᠦᠷᠢ ᠥᠭᠬᠦ ᠪᠠᠷᠢᠮᠵᠢᠶ᠎ᠠ ᠨᠢ ᠮᠦ ᠪᠦᠷᠢ ᠳᠤ 35.22 ᠲᠥᠭᠦᠷᠢᠭ ᠪᠣᠯᠣᠨ᠎ᠠ᠃      ︵ᠳᠥᠷᠪᠡ︶ ᠲᠠᠯᠠᠪᠠᠢ ᠶᠢ ᠬᠢᠨᠠᠨ ᠬᠠᠷᠭᠤᠭᠤᠯᠤᠨ᠎ᠠ᠃ ᠨᠢᠳᠤᠨᠤᠨ ᠤ ᠠᠵᠢᠯ ᠤᠨ ᠰᠠᠭᠤᠷᠢᠨ ᠳᠡᠭᠡᠷ᠎ᠡ᠂ ᠲᠠᠷᠢᠶᠠᠯᠠᠩ ᠮᠠᠯ ᠠᠵᠤ ᠠᠬᠤᠢ ᠪᠣᠯᠣᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠯ᠎ᠡ ᠰᠤᠮᠤ ᠪᠠᠯᠭᠠᠰᠦ ᠶᠢᠨ ᠳᠡᠭᠡᠭᠰᠢ ᠮᠡᠳᠡᠭᠦᠯᠦᠭᠰᠡᠨ ᠰᠠᠨᠠᠭᠠᠴᠢᠯᠠᠭ᠎ᠠ ᠶᠢᠨ ᠲᠠᠷᠢᠮᠠᠯ ᠤᠨ ᠲᠠᠯᠠᠪᠠᠶ ᠳᠤ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠲᠠᠷᠢᠮᠠᠯ ᠢ ᠲᠠᠷᠢᠵᠤ ᠳᠠᠭᠤᠰᠤᠭᠰᠠᠨ ᠤ ᠳᠠᠷᠠᠭ᠎ᠠ᠂ ᠬᠠᠮᠲᠤᠷᠠᠨ ᠳᠠᠬᠢᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠬᠢᠨ ᠬᠢᠨᠠᠬᠤ ᠶᠠᠪᠤᠴᠠ ᠳᠤ ᠪᠠᠶᠢᠴᠠᠭᠠᠵᠤ ᠭᠠᠷᠭᠠᠭᠰᠠᠨ ᠠᠮᠤ ᠪᠤᠳᠠᠭ᠎ᠠ ᠲᠠᠷᠢᠬᠤ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠵᠢᠴᠢ ᠲᠠᠯᠠᠪᠠᠢ ᠨᠢ ᠨᠡᠶᠢᠴᠡᠬᠦ ᠦᠭᠡᠢ ᠪᠣᠯ᠂ ᠨᠥᠬᠦᠪᠦᠷᠢ ᠶᠢᠨ ᠪᠡᠯᠡ ᠮᠥᠩᠭᠦ ᠶᠢ ᠨᠡᠬᠡᠨ ᠠᠪᠴᠤ᠂ ᠢᠯᠡᠭᠦᠦ ᠶᠢ ᠨᠢ ᠪᠤᠴᠠᠭᠠᠵᠤ ᠳᠤᠲᠠᠭᠤ ᠶᠢ ᠨᠢ ᠨᠥᠬᠦᠪᠦᠷᠢᠯᠡᠬᠦ ᠵᠠᠷᠴᠢᠮ ᠢᠶᠠᠷ ᠲᠤᠬᠠᠢ ᠶᠢᠨ ᠵᠢᠯ ᠤᠨ ᠮᠦ ᠪᠦᠷᠢ ᠶᠢᠨ ᠳᠤᠮᠳᠠᠴᠢ ᠨᠥᠬᠦᠪᠦᠷᠢ ᠶᠢᠨ ᠪᠠᠷᠢᠮᠵᠢᠶ᠎ᠠ ᠶᠢ ᠳᠠᠬᠢᠨ ᠰᠢᠨ᠎ᠡ ᠪᠠᠷ ᠲᠣᠭᠠᠴᠠᠭ᠎ᠠ ᠬᠢᠵᠦ᠂ ᠪᠣᠳᠠᠲᠠᠢ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠨᠥᠬᠦᠪᠦᠷᠢᠯᠡᠨ ᠣᠯᠭᠤᠬᠤ ᠪᠤᠶᠤ ᠳᠠᠷᠠᠭ᠎ᠠ ᠵᠢᠯ ᠤᠨ ᠨᠥᠬᠦᠪᠦᠷᠢ ᠳᠤ ᠬᠡᠷᠡᠭᠯᠡᠨ᠎ᠡ       ︵ᠲᠠᠪᠤ︶ ᠨᠥᠬᠦᠪᠦᠷᠢ ᠤᠯᠭᠤᠨ᠎ᠠ᠃ ᠰᠤᠮᠤ ᠪᠠᠯᠭᠠᠰᠤ᠂ ᠭᠠᠴᠠᠭ᠎ᠠ ᠨᠢ ᠬᠥᠮᠥᠰ ᠢ ᠵᠣᠬᠢᠶᠠᠨ ᠪᠠᠶᠢᠭᠤᠯᠤᠨ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠤᠨ ᠨᠢᠭᠡ ᠯᠠ ᠳᠡᠭᠡᠷ᠎ᠡ ᠨᠥᠬᠦᠪᠦᠷᠢ ᠥᠭᠬᠦ ᠲᠠᠯᠠᠪᠠᠶ ᠶᠢ ᠬᠢᠨᠠᠨ ᠬᠠᠷᠭᠤᠭᠤᠯᠵᠤ᠂ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠣᠲᠣ ᠶᠢᠨ ᠪᠠᠶᠢᠭ᠎ᠠ ᠬᠠᠮᠢᠶ᠎ᠠ ᠪᠦᠬᠦᠢ ᠨᠥᠬᠦᠪᠦᠷᠢ ᠶᠢ ᠠᠰᠢᠭᠯᠠᠨ ᠰᠠᠭᠤᠷᠢ ᠲᠤᠭ᠎ᠠ ᠪᠠᠷᠢᠮᠲᠠ᠂ ᠲᠠᠷᠢᠶᠠᠴᠢᠨ ᠡᠷᠦᠬᠡ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠬᠡᠮ ᠤᠨ ᠮᠡᠳᠡᠭᠡ ᠵᠠᠩᠭᠢ ᠵᠡᠷᠭᠡ ᠲᠤᠭ᠎ᠠ ᠪᠠᠷᠢᠮᠲᠠ ᠶᠢ ᠲᠠᠷᠬᠠᠭᠠᠵᠤ᠂ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠢ ᠣᠨᠣᠪᠴᠢᠲᠠᠶ ᠢᠯᠭᠠᠨ ᠲᠠᠨᠢᠵᠤ᠂ ᠨᠥᠬᠦᠪᠦᠷᠢ ᠥᠭᠬᠦ ᠲᠠᠯᠠᠪᠠᠶ ᠶᠢᠨ ᠬᠢᠨᠠᠨ ᠬᠠᠷᠭᠤᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠲᠣᠪᠴᠢᠶ᠎ᠠ ᠡᠯ᠎ᠡ ᠰᠤᠮᠤ ᠪᠠᠯᠭᠠᠰᠤ ᠶᠢᠨ ᠬᠤᠷᠢᠶᠠᠩᠭᠤᠶᠢᠯᠠᠨ ᠳᠡᠭᠡᠭᠰᠢ ᠮᠡᠳᠡᠭᠦᠯᠦᠭᠰᠡᠨ ᠲᠠᠷᠢᠶᠠᠴᠢᠨ ᠡᠷᠦᠬᠡ ᠶᠢᠨ ᠦᠨᠳᠦᠰᠦᠨ ᠮᠡᠳᠡᠭᠡ ᠵᠠᠩᠭᠢ᠂ ᠨᠥᠬᠦᠪᠦᠷᠢ ᠶᠢᠨ ᠲᠠᠯᠠᠪᠠᠶ ᠶᠢ ᠬᠢᠨᠠᠨ ᠬᠠᠷᠭᠤᠭᠤᠯᠵᠤ ᠨᠤᠲᠠᠯᠠᠬᠤ ᠶᠢ ᠬᠠᠷᠢᠭᠤᠴᠠᠬᠤ ᠶᠢᠨ ᠬᠠᠮᠲᠤ ᠨᠥᠬᠦᠪᠦᠷᠢ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠭᠰᠠᠨ ᠤ ᠳᠠᠷᠠᠭ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠃ ᠨᠥᠬᠦᠪᠦᠷᠢ ᠶᠢᠨ ᠪᠡᠯᠡ ᠮᠥᠩᠭᠦ ᠶᠢ ᠣᠯᠭᠤᠬᠤ ᠠᠴᠠ ᠡᠮᠦᠨ᠎ᠡ ᠂ ᠡᠯ᠎ᠡ ᠰᠤᠮᠤ ᠪᠠᠯᠭᠠᠰᠤ ᠨᠢ ᠭᠠᠴᠠᠭ᠎ᠠ ᠪᠠᠷ ᠨᠢᠭᠡᠴᠢ ᠪᠣᠯᠭᠠᠵᠤ᠂ ᠡᠯ᠎ᠡ ᠲᠠᠷᠢᠶᠠᠴᠢᠨ ᠡᠷᠦᠬᠡ ᠶᠢᠨ ᠨᠥᠬᠦᠪᠦᠷᠢ ᠶᠢᠨ ᠲᠠᠯᠠᠪᠠᠶ᠂ ᠨᠥᠬᠦᠪᠦᠷᠢ ᠶᠢᠨ ᠪᠠᠷᠢᠮᠵᠢᠶ᠎ᠠ ᠪᠣᠯᠣᠨ ᠨᠥᠬᠦᠪᠦᠷᠢ ᠶᠢᠨ ᠵᠣᠭᠤᠰ ᠤᠨ ᠲᠤᠭ᠎ᠠ ᠵᠡᠷᠭᠡ ᠭᠤᠣᠯ ᠠᠭᠤᠯᠭ᠎ᠠ ᠶᠢ ᠠᠳᠠᠭ ᠲᠠᠭᠠᠨ 7 ᠡᠳᠦᠷ ᠵᠠᠷᠯᠠᠨ ᠨᠡᠶᠢᠲᠡᠯᠡᠬᠦ ᠬᠡᠷᠡᠭᠲᠡᠢ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠳᠡᠭᠡᠭᠰᠢ ᠮᠡᠳᠡᠭᠦᠯᠦᠭᠰᠡᠨ ᠨᠡᠷ᠎ᠡ ᠶᠢᠨ ᠪᠦᠷᠢᠳᠬᠡᠯ ᠢ ᠦᠨᠳᠦᠰᠦᠯᠡᠨ᠂ ︽ᠪᠦᠬᠦᠨ ᠳᠤ ᠲᠣᠬᠢᠷᠠᠬᠤ ᠺᠠᠷᠲ︾ ᠢᠶᠠᠷ ᠰᠢᠭᠤᠳ ᠨᠥᠬᠦᠪᠦᠷᠢ ᠥᠭᠬᠦ ᠪᠤᠶᠤ ᠵᠥᠪᠳᠡᠯᠴᠡᠵᠦ ᠪᠠᠶᠢᠭᠠᠳ ᠭᠠᠵᠠᠷ ᠤᠨ ᠲᠦᠷᠢᠶᠡᠰᠦ ᠶᠢ ᠪᠠᠭᠠᠰᠬᠠᠬᠤ ᠠᠷᠭ᠎ᠠ ᠬᠡᠯᠪᠡᠷᠢ ᠪᠠᠷ ᠳᠡᠮᠵᠢᠨ᠂ ᠨᠥᠬᠦᠪᠦᠷᠢ ᠶᠢᠨ ᠪᠡᠯᠡ ᠮᠥᠩᠭᠦ ᠶᠢ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠥᠭᠴᠦ᠂ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠠᠰᠢᠭ ᠬᠦᠷᠲᠡᠭᠡᠬᠦ ᠶᠢ ᠪᠠᠲᠤᠯᠠᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ᠲᠣᠰ ᠤᠳᠠᠭ᠎ᠠ ᠠᠮᠤ ᠪᠤᠳᠠᠭ᠎ᠠ ᠳᠠᠷᠢᠬᠤ ᠲᠠᠷᠢᠶᠠᠴᠢᠳ ᠲᠤ ᠨᠢᠭᠡ ᠯᠠ ᠳᠡᠭᠡᠷ᠎ᠡ ᠨᠥᠬᠦᠪᠦᠷᠢ ᠥᠭᠬᠦ ᠨᠢ ᠮᠠᠨ ᠤ ᠬᠤᠰᠢᠭᠤᠨ ᠤ ᠲᠠᠷᠢᠶᠠᠴᠢᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠪᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠬᠤᠯᠪᠣᠭᠳᠠᠵᠤ᠂ ᠡᠯ᠎ᠡ ᠰᠤᠮᠤ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ ᠳᠠᠬᠢ ᠪᠣᠳᠠᠲᠠᠢ ᠠᠭᠤᠯᠭ᠎ᠠ ᠶᠢ ᠨᠠᠶᠢᠳᠠᠪᠤᠷᠢᠵᠢᠭᠤᠯᠵᠤ᠂ ᠨᠥᠬᠦᠪᠦᠷᠢ ᠣᠯᠭᠤᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠰᠠᠯᠠᠭ᠎ᠠ ᠮᠥᠴᠢᠷ ᠤᠨ ᠠᠵᠢᠯ ᠬᠤᠪᠢᠶᠠᠷᠢᠯᠠᠨ ᠬᠠᠷᠢᠭᠤᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠰᠠᠯᠠᠭ᠎ᠠ ᠮᠥᠴᠢᠷ ᠠᠴᠠ ᠪᠦᠷᠢᠳᠬᠡᠨ ᠬᠤᠷᠢᠶᠠᠩᠭᠤᠶᠢᠯᠠᠬᠤ᠂ ᠨᠥᠬᠦᠪᠦᠷᠢ ᠥᠭᠬᠦ ᠲᠠᠯᠠᠪᠠᠶ ᠶᠢ ᠬᠢᠨᠠᠨ ᠬᠠᠷᠭᠤᠭᠤᠯᠬᠤ᠂ ᠠᠮᠤ ᠪᠤᠳᠠᠭ᠎ᠠ ᠳᠠᠷᠢᠬᠤ ᠲᠠᠷᠢᠶᠠᠴᠢᠳ ᠢ ᠢᠯᠭᠠᠨ ᠲᠠᠨᠢᠬᠤ ᠪᠠ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠬᠤ ᠵᠡᠷᠭᠡ ᠰᠠᠭᠤᠷᠢ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠭᠧᠨᠢᠭ ᠮᠡᠷᠭᠡᠵᠢᠯ ᠤᠨ ᠰᠠᠯᠠᠭ᠎ᠠ ᠮᠥᠴᠢᠷ ᠤᠨ ᠬᠠᠩᠭᠠᠭᠰᠠᠨ ᠨᠥᠬᠦᠪᠦᠷᠢ ᠶᠢᠨ ᠲᠠᠯᠠᠪᠠᠶ ᠪᠠ ᠨᠥᠬᠦᠪᠦᠷᠢ ᠣᠯᠭᠤᠬᠤ ᠡᠲᠡᠭᠡᠳ ᠤᠨ ᠮᠡᠳᠡᠭᠡ ᠵᠠᠩᠭᠢ ᠶᠢ ᠦᠨᠳᠦᠰᠦᠯᠡᠨ᠂ ᠨᠥᠬᠦᠪᠦᠷᠢ ᠶᠢᠨ ᠪᠠᠷᠢᠮᠵᠢᠶ᠎ᠠ ᠶᠢ ᠲᠥᠰᠥᠭᠡᠯᠡᠨ ᠪᠤᠳᠤᠵᠤ ᠲᠣᠭᠲᠠᠭᠠᠬᠤ ᠶᠢᠨ ᠬᠠᠮᠲᠤ ︽ᠪᠦᠬᠦᠨ ᠳᠤ ᠲᠣᠬᠢᠷᠠᠬᠤ ᠺᠠᠷᠲ︾ ᠢᠶᠠᠷ ᠳᠡᠮᠵᠢᠨ ᠨᠥᠬᠦᠪᠦᠷᠢ ᠶᠢᠨ ᠪᠡᠯᠡ ᠮᠥᠩᠭᠦ ᠶᠢ ᠣᠯᠭᠤᠨ᠎ᠠ᠃      ︵ᠬᠤᠶᠠᠷ︶ ᠣᠯᠭᠤᠬᠤ ᠠᠯᠬᠤᠮ ᠳᠠᠷᠠᠭ᠎ᠠ ᠶᠢ ᠵᠢᠷᠤᠮᠵᠢᠭᠤᠯᠤᠨ᠎ᠠ᠃ ᠨᠥᠬᠦᠪᠦᠷᠢ ᠶᠢ ᠢᠯᠡ ᠨᠡᠶᠢᠲᠡᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠵᠢᠴᠢ ᠪᠡᠯᠡ ᠮᠥᠩᠭᠦ ᠲᠠᠷᠬᠠᠭᠠᠭᠰᠠᠨ ᠪᠠᠶᠢᠳᠠᠯ ᠢ ᠢᠯᠡ ᠨᠡᠶᠢᠲᠡᠯᠡᠨ᠎ᠡ᠃ ᠰᠠᠭᠤᠭ᠎ᠠ ᠭᠠᠴᠠᠭ᠎ᠠ ᠳᠤ ᠨᠢ ᠨᠥᠬᠦᠪᠦᠷᠢ ᠣᠯᠭᠤᠭᠰᠠᠨ ᠪᠠᠶᠢᠳᠠᠯ ᠢ ᠢᠯᠡ ᠨᠡᠶᠢᠲᠡᠯᠡᠵᠦ᠂ ᠨᠡᠶᠢᠭᠡᠮ ᠨᠡᠶᠢᠳᠠ ᠪᠣᠯᠣᠨ ᠤᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠪᠡᠯᠡ ᠮᠥᠩᠭᠦ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠨᠥᠬᠦᠪᠦᠷᠢ ᠶᠢᠨ ᠪᠡᠯᠡ ᠮᠥᠩᠭᠦ ᠣᠯᠭᠤᠵᠤ ᠪᠠᠶᠢᠭ᠎ᠠ ᠪᠠᠶᠢᠳᠠᠯ ᠢ ᠡᠵᠡᠮᠰᠢᠵᠦ᠂ ᠨᠥᠬᠦᠪᠦᠷᠢ ᠣᠯᠭᠤᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠵᠠᠯᠠᠷᠠᠭᠤᠯᠬᠤ ᠬᠡᠷᠡᠭᠲᠡᠢ᠃ ᠮᠡᠬᠡᠯᠡᠨ ᠠᠪᠬᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠪᠤᠶᠤ ᠲᠣᠭᠲᠠᠭᠠᠯ ᠠᠴᠠ ᠵᠥᠷᠢᠴᠡᠨ ᠣᠯᠭᠤᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃      ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠠᠮᠤ ᠪᠤᠳᠠᠭ᠎ᠠ ᠳᠠᠷᠢᠬᠤ ᠲᠠᠷᠢᠶᠠᠴᠢᠳ ᠲᠤ ᠨᠢᠭᠡ ᠯᠡ ᠳᠡᠭᠡᠷ᠎ᠡ ᠨᠥᠬᠦᠪᠦᠷᠢ ᠣᠯᠭᠤᠬᠤ ᠨᠢ ᠲᠠᠷᠢᠶᠠᠴᠢᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠬᠤᠯᠪᠣᠭᠳᠠᠬᠤ ᠲᠠᠯ᠎ᠠ ᠨᠢ ᠥᠷᠭᠡᠨ ᠪᠣᠯᠬᠤᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠰᠠᠶᠢᠲᠤᠷ ᠬᠢᠵᠦ᠂ ᠲᠣᠰ ᠣᠳᠠᠭᠠᠨ ᠤ ᠨᠥᠬᠦᠪᠦᠷᠢ ᠪᠣᠯ ᠨᠢᠭᠡ ᠯᠡ ᠳᠡᠭᠡᠷ᠎ᠡ ᠶᠠᠪᠤᠭᠳᠠᠬᠤ ᠨᠥᠬᠦᠪᠦᠷᠢ᠂ ᠨᠥᠬᠦᠪᠦᠷᠢ ᠣᠯᠬᠤ ᠡᠲᠡᠭᠡᠳ ᠪᠣᠯ ᠠᠮᠤ ᠪᠤᠳᠠᠭᠠᠨ ᠤ ᠲᠠᠷᠢᠮᠠᠯ ᠢ ᠪᠣᠳᠠᠲᠠᠢ ᠳᠠᠷᠢᠵᠤ ᠪᠠᠶᠢᠭ᠎ᠠ ᠦᠢᠯᠡᠳᠪᠦᠷᠢᠯᠡᠭᠴᠢᠳ᠂ ᠨᠥᠬᠦᠪᠦᠷᠢ ᠥᠭᠬᠦ ᠵᠣᠷᠢᠯᠭ᠎ᠠ ᠪᠣᠯ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠬᠤ ᠶᠢᠨ ᠲᠥᠯᠥᠭᠡ ᠶᠤᠮ ᠭᠡᠳᠡᠭ ᠢ ᠭᠤᠣᠯᠳᠠᠯᠭ᠎ᠠ ᠲᠠᠢ ᠲᠣᠳᠣᠷᠬᠠᠶᠢᠯᠠᠬᠤ ᠬᠡᠷᠡᠭᠲᠡᠢ᠃ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠰᠤᠮᠤ ᠪᠠᠯᠭᠠᠰᠤ᠂ ᠭᠠᠴᠠᠭᠠᠨ ᠤ ᠱᠠᠲᠤᠨ ᠤ ᠺᠠᠳ᠋ᠷ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠬᠠᠷᠠᠯᠲᠠ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠬᠦ ᠬᠡᠷᠡᠭᠲᠡᠢ᠃      ᠲᠠᠪᠤ᠂ ᠲᠠᠶᠢᠯᠤᠮᠵᠢ ᠬᠢᠬᠦ ᠨᠢᠭᠡᠴᠢ      ᠲᠠᠶᠢᠯᠤᠮᠵᠢ ᠬᠢᠬᠦ ᠨᠢᠭᠡᠴᠢ᠄ ᠠᠯᠠᠱᠠ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ᠲᠠᠷᠢᠶᠠᠯᠠᠩ ᠤᠨ ᠡᠳ᠋ ᠤᠨ ᠵᠠᠰᠠᠭ ᠤᠨ ᠠᠯᠪᠠᠨ ᠭᠡᠷ      ᠲᠠᠶᠢᠯᠪᠤᠷᠢᠯᠠᠭᠴᠢ᠄ ᠨᠠᠷᠠᠨᠬᠤᠸᠠᠷ      ᠬᠠᠷᠢᠯᠴᠠᠬᠤ ᠤᠲᠠᠰᠤ᠄ 13804731553      ᠤᠤᠯ ᠪᠢᠴᠢᠭ ᠤᠨ ᠵᠠᠯᠭᠠᠪᠦᠷᠢ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠠᠯᠠᠱᠠ ᠪᠠᠷᠠᠭᠤᠨ ᠬᠤᠰᠢᠭᠤᠨ ᠤ 2022 ᠣᠨ ᠤ ᠪᠣᠳᠠᠲᠠᠢ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ ᠳᠡᠭᠡᠷ᠎ᠡ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ︾ ᠢ ᠴᠣᠬᠤᠯᠠᠪᠤᠷᠢᠯᠠᠨ ᠤᠯᠠᠮᠵᠢᠯᠠᠬᠤ ᠲᠤᠬᠠᠢ ᠮᠡᠳᠡᠭᠳᠡᠯ
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号