ᠠᠯᠠᠱᠠ ᠪᠠᠷᠠᠭᠤᠨ ᠬᠤᠰᠢᠭᠤ᠄ ᠤᠨᠴᠠᠯᠢᠬᠳᠤ ᠦᠷ᠎ᠡ ᠶᠢᠨ ᠡᠬᠢ ᠪᠠᠶᠠᠯᠢᠭ ᠲᠤ ᠲᠦᠰᠢᠭᠯᠡᠨ ᠲᠡᠮᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2022/2/9
     ᠠᠯᠠᠱᠠ ᠪᠠᠷᠠᠭᠤᠨ ᠬᠤᠰᠢᠭᠤ ᠲᠡᠮᠡᠭᠡᠨ ᠤ ᠣᠨᠴᠠᠯᠢᠭᠲᠤ ᠦᠷ᠎ᠡ ᠶᠢᠨ ᠡᠬᠢ ᠪᠠᠶᠠᠯᠢᠭ ᠲᠤ ᠲᠦᠰᠢᠭᠯᠡᠨ᠂ ︽ᠰᠢᠨᠵᠢᠯᠡᠬᠦ ᠤᠬᠠᠭᠠᠨ ᠤ ᠰᠤᠳᠤᠯᠭᠠᠨ + ᠠᠵᠤ ᠠᠬᠤᠶᠢᠯᠠᠯ + ᠰᠠᠭᠤᠷᠢᠨ ᠭᠠᠵᠠᠷ + ᠮᠠᠯᠵᠢᠬᠤ ᠲᠠᠷᠢᠶᠠᠯᠠᠬᠤ ᠡᠷᠦᠬᠡ ︾ ᠶᠢᠨ ᠬᠥᠭᠵᠢᠯᠲᠡ ᠶᠢᠨ ᠵᠠᠭᠪᠤᠷ ᠶᠣᠰᠣᠭᠠᠷ ᠲᠡᠮᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠦᠨ᠂ ᠲᠡᠮᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ ᠪᠠᠶᠢᠨ᠎ᠠ᠃
     ᠠᠯᠠᠱᠠ ᠪᠠᠷᠠᠭᠤᠨ ᠬᠤᠰᠢᠭᠤᠨ ᠤ ᠠᠯᠳᠠᠠᠴᠤᠭ ᠰᠤᠮᠤᠨ ᠤ ᠬᠦᠬᠡ ᠠᠭᠤᠯᠠ ᠭᠠᠴᠠᠭ᠎ᠠ ᠶᠢᠨ ᠸᠠᠩ ᠹᠧᠩ ᠲᠡᠮᠡᠭᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠳᠤ᠂ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯᠴᠢᠳ ᠮᠥᠨ ᠡᠳᠦᠷ ᠪᠦᠷᠢ ᠬᠤᠶᠠᠷ ᠤᠳᠠᠭ᠎ᠠ ᠢᠩᠭᠡᠨ ᠰᠦ ᠰᠠᠭᠠᠵᠤ᠂ ᠡᠪᠦᠯ ᠤᠨ ᠤᠯᠠᠷᠢᠯ ᠳᠤ 60 ᠢᠩᠭᠡ ᠡᠳᠦᠷ ᠲᠤ 200 ᠺᠢᠯᠣᠭ᠍ᠷᠠᠮ ᠰᠦ ᠰᠠᠭᠠᠵᠤ᠂ ᠵᠤᠨ ᠤ ᠤᠯᠠᠷᠢᠯ ᠳᠤ 100 ᠢᠩᠭᠡ 400 ᠠᠴᠠ 500 ᠺᠢᠯᠣᠭ᠍ᠷᠠᠮ ᠰᠦ ᠰᠠᠭᠠᠳᠠᠭ᠃ ᠢᠩᠭᠡ ᠰᠠᠭᠠᠬᠤ ᠠᠴᠠ ᠭᠠᠳᠠᠨ᠎ᠠ᠂ ᠬᠤᠷᠰᠢᠶᠠᠵᠢᠯ ᠨᠢ ᠪᠠᠰᠠ ᠣᠶᠢᠷ᠎ᠠ ᠬᠠᠪᠢ ᠶᠢᠨ ᠭᠠᠵᠠᠷ ᠣᠷᠣᠨ ᠤ ᠵᠠᠭᠤ ᠭᠠᠷᠤᠶ ᠡᠷᠦᠬᠡ ᠮᠠᠯᠴᠢᠳ ᠤᠨ ᠢᠩᠭᠡᠨ ᠤ ᠰᠦ ᠶᠢ ᠬᠤᠳᠠᠯᠳᠤᠨ ᠠᠪᠴᠤ ᠡᠯ᠎ᠡ ᠭᠠᠵᠠᠷ ᠲᠤ ᠪᠣᠷᠣᠯᠠᠭᠤᠯᠳᠠᠭ᠃
     ᠲᠡᠮᠡᠭᠡᠨ ᠤ ᠰᠦ ᠶᠢ ᠭᠠᠳᠠᠭᠰᠢ ᠪᠣᠷᠣᠯᠠᠭᠤᠯᠤᠭᠰᠠᠨ ᠰᠠᠭᠤᠷᠢᠨ ᠳᠡᠭᠡᠷ᠎ᠡ᠂ ᠡᠨᠡ ᠵᠢᠯ ᠸᠠᠩ ᠭᠤᠸᠠᠩ ᠹᠦ᠋ ᠨᠢᠭᠡᠨᠲᠡ ᠲᠠᠸᠠᠷ ᠤᠨ ᠲᠡᠮᠳᠡᠭ ᠭᠤᠶᠤᠴᠢᠯᠠᠵᠤ᠂ ᠥᠪᠡᠷ ᠢᠶᠠᠨ ᠲᠡᠮᠡᠭᠡᠨ ᠤ ᠰᠦᠨ ᠲᠠᠯᠬ᠎ᠠ ᠶᠢᠨ ᠪᠣᠷᠣᠯᠠᠭᠤᠯᠭ᠎ᠠ ᠬᠢᠵᠦ ᠂ ᠲᠡᠮᠡᠭᠡᠨ ᠤ ᠠᠵᠤ ᠦᠢᠯᠡᠰ ᠤᠨ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃
     ᠠᠯᠠᠱᠠ ᠪᠠᠷᠠᠭᠤᠨ ᠬᠤᠰᠢᠭᠤᠨ ᠤ ᠲᠡᠮᠡᠭᠡᠨ ᠰᠦᠷᠦᠭ ᠤᠨ ᠪᠦᠲᠦᠴᠡ ᠳᠤ ᠠᠯᠬᠤᠮ ᠠᠯᠬᠤᠮ ᠢᠶᠠᠷ ᠲᠣᠬᠢᠷᠠᠭᠤᠯᠤᠯᠲᠠ ᠬᠢᠵᠦ᠂ ᠢᠩᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠪᠡ᠃ ᠣᠳᠣᠬᠠᠨ ᠳᠤ ᠪᠥᠬᠦ ᠬᠤᠰᠢᠭᠤᠨ ᠤ ᠬᠤᠤᠰ ᠪᠥᠬᠦᠲᠦ ᠲᠡᠮᠡᠭᠡᠨ ᠤ ᠲᠤᠭ᠎ᠠ ᠶᠢ 5 . 7 ᠳᠦᠮᠡ ᠳᠤ ᠲᠣᠭᠲᠠᠭᠤᠨ ᠬᠢᠵᠠᠭᠠᠷᠯᠠᠵᠤ᠂ ᠡᠭᠦᠨ ᠳᠤ 2 . 8 ᠲᠦᠮᠡᠨ ᠢᠩᠭᠡ᠂ 1 ᠲᠦᠮᠡ ᠭᠠᠷᠤᠶ ᠢᠩᠭᠡ ᠰᠠᠭᠠᠵᠤ᠂ 2021 ᠣᠨ ᠳᠤ ᠲᠡᠮᠡᠭᠡᠨ ᠰᠦ ᠶᠢᠨ ᠭᠠᠷᠤᠯᠲᠠ 3000 ᠭᠠᠷᠤᠶ ᠲᠣᠨ ᠬᠦᠷᠴᠡᠶ᠃ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 30᠂ ᠢᠩᠭᠡᠨ ᠤ ᠰᠦ ᠳᠠᠮᠵᠢᠭᠤᠯᠬᠤ ᠥᠷᠲᠡᠭᠡ 7᠂ ᠪᠠᠷᠢᠮᠵᠢᠶᠠᠵᠢᠭᠰᠠᠨ ᠲᠡᠮᠡᠭᠡᠨ ᠬᠠᠰᠢᠶ᠎ᠠ 203᠂ ᠳᠠᠩᠰᠠᠯᠠᠭᠤᠯᠤᠭᠰᠠᠨ ᠲᠡᠮᠡᠭᠡ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ 39᠂ ᠲᠡᠮᠡᠭᠡ ᠲᠡᠵᠢᠭᠡᠨ ᠦᠷᠡᠵᠢᠭᠦᠯᠬᠦ ᠲᠣᠮᠣ ᠡᠷᠦᠬᠡ 442᠂ ᠪᠤᠶᠢᠵᠢᠭᠤᠯᠤᠭᠰᠠᠨ ᠰᠠᠭᠠᠯᠢ ᠶᠢᠨ ᠲᠡᠮᠡᠭᠡ ᠲᠠᠢ ᠡᠷᠦᠬᠡ 347᠂ ᠲᠡᠮᠡᠭᠡᠨ ᠤ ᠠᠵᠤ ᠦᠢᠯᠡᠰ ᠡᠷᠭᠢᠯᠡᠵᠦ ᠪᠠᠶᠢᠭ᠎ᠠ ᠮᠠᠯᠴᠢᠨ ᠲᠠᠷᠢᠶᠠᠴᠢᠨ 2500 ᠭᠠᠷᠤᠶ ᠪᠣᠯᠵᠣ᠂ ᠲᠡᠮᠡᠭᠡ ᠲᠡᠵᠢᠭᠡᠵᠦ ᠪᠠᠶᠢᠭ᠎ᠠ ᠡᠷᠦᠬᠡ ᠶᠢᠨ ᠳᠤᠮᠳᠠᠴᠢ ᠣᠷᠣᠯᠭ᠎ᠠ 2 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠪᠡ᠃
     ᠥᠪᠥᠷ ᠮᠣᠩᠭᠤᠯ ᠤᠨ ᠭᠤᠪᠢ ᠡᠷᠳᠡᠨᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠴᠠᠭᠠᠨ ᠰᠠᠷ᠎ᠠ ᠶᠢᠨ ᠬᠤᠭᠤᠴᠠᠭᠠᠨ ᠳᠤ ᠮᠥᠨ ᠯᠡ ᠱᠠᠯᠠᠪᠳᠠᠨ ᠦᠢᠯᠡᠳᠪᠦᠷᠢᠯᠡᠵᠦ ᠪᠠᠶᠢᠨ᠎ᠠ᠃ 2021 ᠣᠨ ᠳᠤ᠂ ᠺᠣᠮᠫᠠᠨᠢ 700 ᠭᠠᠷᠤᠢ ᠲᠣᠨ ᠰᠦ ᠦᠢᠯᠡᠳᠪᠦᠷᠢᠯᠡᠵᠦ᠂ ᠦᠢᠯᠡᠳᠬᠦᠨ ᠤ ᠦᠷᠲᠡᠭ ᠨᠢ 9000 ᠲᠦᠮᠡᠨ ᠲᠥᠭᠦᠷᠢᠭ᠂ ᠪᠣᠷᠣᠯᠠᠭᠤᠯᠭ᠎ᠠ ᠶᠢᠨ ᠣᠷᠣᠯᠭ᠎ᠠ ᠨᠢ 8000 ᠲᠦᠮᠡᠨ ᠲᠥᠭᠦᠷᠢᠭ ᠲᠤ ᠬᠦᠷᠴᠡᠢ᠃
     ᠣᠶᠢᠷ᠎ᠠ ᠶᠢᠨ ᠵᠢᠯ ᠠᠴᠠ ᠨᠠᠰᠢ᠂ ᠠᠯᠠᠱᠠ ᠪᠠᠷᠠᠭᠤᠨ ᠬᠤᠰᠢᠭᠤ ᠲᠡᠮᠡᠭᠡᠨ ᠤ ᠠᠵᠤ ᠦᠢᠯᠡᠰ ᠤᠨ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠢᠳᠡᠪᠬᠢᠲᠡᠶ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠥᠪᠥᠷ ᠮᠣᠩᠭᠤᠯ ᠤᠨ ᠭᠤᠪᠢ ᠶᠢᠨ ᠲᠡᠮᠡᠭᠡᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠪᠥᠬᠦ ᠤᠯᠤᠰ ᠤᠨ ᠠᠩᠬᠠᠳᠠᠭᠴᠢ ᠥᠨᠳᠥᠷ ᠭᠠᠷᠤᠯᠲᠠ ᠲᠠᠢ ᠰᠠᠭᠠᠯᠢ ᠶᠢᠨ ᠲᠡᠮᠡᠭᠡᠨ ᠤ ᠬᠦᠪᠦᠷᠡᠯ ᠰᠢᠯᠵᠢᠭᠦᠯᠦᠨ ᠤᠷᠭᠤᠭᠤᠯᠬᠤ ᠲᠤᠷᠰᠢᠯᠲᠠ ᠶᠢ ᠪᠡᠶᠡᠯᠡᠬᠦᠯᠪᠡ᠃ ᠪᠦᠬᠦ ᠬᠤᠰᠢᠭᠤᠨ ᠤ ᠲᠡᠮᠡᠭᠡᠨ ᠤ ᠦᠢᠯᠡᠳᠬᠦᠨ ᠤ ᠠᠵᠤ ᠦᠢᠯᠡᠰ ᠤᠨ ᠬᠡᠯᠬᠢᠶ᠎ᠡ ᠤᠯᠠᠮ ᠨᠢᠭᠡ ᠠᠯᠬᠤᠮ ᠥᠷᠭᠡᠵᠢᠵᠦ᠂ ᠦᠢᠯᠡᠳᠬᠦᠨ ᠤ ᠨᠡᠮᠡᠯᠲᠡ ᠥᠷᠲᠡᠭ ᠤᠯᠠᠮ ᠨᠢᠭᠡ ᠠᠯᠬᠤᠮ ᠳᠡᠭᠡᠭᠰᠢᠯᠡᠪᠡ᠃ ᠥᠪᠥᠷ ᠮᠣᠩᠭᠤᠯ ᠤᠨ ᠲᠡᠮᠡᠭᠡᠨ ᠤ ᠰᠤᠳᠤᠯᠭᠠᠨ ᠤ ᠬᠦᠷᠢᠶᠡᠯᠡᠩ ᠲᠡᠮᠡᠭᠡᠨ ᠰᠦ᠂ ᠲᠡᠮᠡᠭᠡᠨ ᠤ ᠥᠭᠡᠬᠦ ᠪᠠᠷ ᠲᠦᠭᠦᠬᠡᠶ ᠮᠠᠲ᠋ᠧᠷᠢᠶᠠᠯ ᠪᠣᠯᠭᠠᠵᠤ᠂ ᠭᠤᠶᠣᠯᠠᠯ ᠤᠨ ᠡᠳ᠋ ᠤᠨ ᠲᠥᠷᠥᠯ ᠵᠦᠢᠯ 6 ᠦᠢᠯᠡᠳᠬᠦᠨ ᠢ ᠰᠤᠳᠤᠯᠤᠨ ᠨᠡᠭᠡᠭᠡᠵᠦ᠂ ᠥᠨᠳᠥᠷ ᠤᠨᠠᠯᠲᠠ ᠲᠠᠢ ᠰᠠᠭᠠᠯᠢ ᠶᠢᠨ ᠲᠡᠮᠡᠭᠡ ᠶᠢ ᠬᠠᠨᠳᠤᠯᠭ᠎ᠠ ᠲᠠᠢ ᠪᠠᠷ ᠰᠣᠩᠭᠤᠨ ᠪᠤᠶᠢᠵᠢᠭᠤᠯᠬᠤ ᠰᠡᠳᠦᠪ ᠢ ᠡᠬᠢᠯᠡᠨ ᠬᠡᠷᠡᠭᠵᠢᠭᠦᠯᠵᠦ᠂ ︽ᠦᠢᠯᠡᠳᠪᠦᠷᠢᠯᠡᠬᠦ ᠵᠢᠭᠠᠬᠤ ᠰᠤᠳᠤᠯᠬᠤ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠵᠠᠭᠪᠤᠷ ᠢ ᠪᠦᠷᠢᠯᠳᠦᠭᠦᠯᠵᠦ᠂ ᠨᠢᠭᠡᠨᠲᠡ ᠰᠢᠨᠵᠢᠯᠡᠬᠦ ᠤᠬᠠᠭᠠᠨ ᠤ ᠰᠤᠳᠤᠯᠭᠠᠨ ᠪᠠ ᠦᠢᠯᠡᠳᠬᠦᠨ ᠤ ᠦᠷ᠎ᠡ ᠪᠦᠲᠦᠭᠡᠯ ᠢ 10 ᠵᠦᠢᠯ ᠣᠯᠵᠤ᠂ ᠡᠭᠦᠨ ᠳᠤ 2 ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠨᠢ ᠳᠡᠯᠡᠬᠡᠶ ᠳᠡᠭᠡᠷᠡᠬᠢ ᠬᠤᠭᠤᠰᠣᠨ ᠢ ᠨᠥᠬᠦᠪᠥᠷᠢᠯᠡᠪᠡ᠃ ᠪᠥᠬᠦ ᠣᠷᠣᠨ ᠤ ᠠᠩᠬᠠᠳᠠᠭᠴᠢ ᠲᠡᠮᠡᠭᠡᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠳᠤ ᠲᠡᠮᠡᠭᠡᠨ ᠤ ᠠᠵᠤ ᠦᠢᠯᠡᠰ ᠤᠨ ᠠᠵᠤ ᠠᠬᠤᠶᠢᠯᠠᠯ 5 ᠪᠠᠶᠢᠵᠤ᠂ ᠲᠡᠮᠡᠭᠡᠨ ᠮᠢᠬ᠎ᠠ᠂ ᠲᠡᠮᠡᠭᠡᠨ ᠨᠣᠯᠤᠤᠷ᠂ ᠲᠡᠮᠡᠭᠡᠨ ᠰᠦ ᠵᠡᠷᠭᠡ ᠠᠷᠪᠠᠨ ᠬᠡᠳᠦᠨ ᠰᠢᠷᠢᠰ ᠣᠯᠠᠨ ᠲᠥᠷᠥᠯ ᠤᠨ ᠦᠢᠯᠡᠳᠬᠦᠨ ᠢ ᠬᠠᠮᠤᠷᠴᠠᠶ᠃ ᠲᠡᠮᠡᠭᠡᠨ ᠰᠦ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠥᠪᠥᠷ ᠮᠣᠩᠭᠤᠯ ᠤᠨ ᠭᠤᠪᠢ ᠡᠷᠳᠡᠨᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠲᠡᠮᠡᠭᠡᠨ ᠰᠦ 4 ᠰᠢᠷᠢᠰ 8 ᠲᠥᠷᠥᠯ ᠵᠦᠢᠯ ᠤᠨ ᠦᠢᠯᠡᠳᠬᠦᠨ ᠪᠣᠶ︔ ᠲᠢᠶᠠᠨ ᠳᠦᠸᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠡᠮᠡᠭᠡᠨ ᠰᠦ᠂ ᠲᠡᠮᠡᠭᠡᠨ ᠥᠭᠡᠬᠦ ᠶᠢᠨ ᠭᠤᠶᠣᠯᠠᠯ ᠤᠨ ᠡᠳ᠋ ᠤᠨ 14 ᠲᠤᠰᠬᠠᠶ ᠠᠰᠢᠭ ᠢ ᠠᠮᠵᠢᠯᠲᠠ ᠲᠠᠢ ᠪᠠᠷ ᠣᠯᠵᠤ᠂ ᠠᠷᠠᠰᠤ ᠵᠥᠭᠡᠯᠡᠷᠡᠭᠦᠯᠬᠦ ᠤᠰᠤ᠂ ᠨᠢᠭᠤᠷ ᠤᠨ ᠲᠣᠰᠣ ᠵᠡᠷᠭᠡ 14 ᠵᠦᠢᠯ ᠤᠨ ᠦᠢᠯᠡᠳᠬᠦᠨ ᠢ ᠦᠢᠯᠡᠳᠪᠦᠷᠢᠯᠡᠪᠡ︔ ᠠᠷᠣ ᠭᠤᠪᠢ ᠲᠠᠯ᠎ᠠ ᠨᠤᠲᠤᠭ ᠤᠨ ᠢᠳᠡᠭᠡᠨ ᠤ ᠬᠢᠵᠠᠭᠠᠷᠲᠤ ᠺᠣᠮᠫᠠᠨᠢ ᠲᠡᠮᠡᠭᠡᠨ ᠮᠢᠬᠠᠨ ᠤ ᠲᠥᠷᠥᠯ ᠤᠨ 3 ᠰᠢᠷᠢᠰ 9 ᠵᠦᠢᠯ ᠤᠨ ᠪᠦᠲᠦᠭᠡᠭᠳᠡᠬᠦᠨ ᠢ ᠭᠠᠷᠭᠠᠪᠠ᠃
     ᠠᠯᠠᠱᠠ ᠪᠠᠷᠠᠭᠤᠨ ᠬᠤᠰᠢᠭᠤ ᠪᠥᠬᠦ ᠤᠯᠤᠰ ᠤᠨ ᠲᠡᠮᠡᠭᠡᠨ ᠰᠦ ᠶᠢᠨ ᠠᠵᠤ ᠦᠢᠯᠡᠰ ᠤᠨ ᠲᠥᠪᠯᠡᠷᠡᠭᠦᠯᠵᠦ ᠲᠠᠷᠬᠠᠭᠠᠬᠤ ᠴᠢᠬᠤᠯᠠ ᠲᠥᠪ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠨᠡᠭᠡᠭᠡᠨ ᠬᠥᠭᠵᠢᠭᠦᠯᠦᠯᠲᠡ ᠶᠢ ᠨᠢᠭᠡ ᠴᠣᠭᠴᠠᠵᠢᠭᠤᠯᠤᠭᠰᠠᠨ ᠲᠡᠮᠡᠭᠡᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠪᠥᠲᠥᠭᠡᠨ ᠪᠠᠶᠢᠭᠤᠯᠵᠤ᠂ ᠪᠠᠷᠢᠮᠵᠢᠶᠠᠵᠢᠭᠤᠯᠤᠭᠰᠠᠨ ᠰᠦ ᠶᠢᠨ ᠢᠷᠡᠯᠲᠡ ᠶᠢᠨ ᠰᠠᠭᠤᠷᠢᠨ ᠢ ᠤᠯᠠᠮ ᠨᠢᠭᠡ ᠠᠯᠬᠤᠮ ᠪᠥᠲᠥᠭᠡᠨ ᠪᠠᠶᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠬᠢᠬᠦ ᠶᠢ ᠳᠡᠮᠵᠢᠵᠦ᠂ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠨ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠬᠦ ᠶᠢᠨ ᠬᠠᠮᠲᠤ ︽ᠢᠨᠲ᠋ᠧᠷ ᠰᠦᠯᠵᠢᠶ᠎ᠡ +︾ ᠶᠢ ᠠᠰᠢᠭᠯᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠮᠡᠭᠡᠨ ᠰᠦ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠣᠯᠤᠤᠷ᠂ ᠮᠢᠬ᠎ᠠ᠂ ᠰᠦ ᠶᠢ ᠨᠢᠭᠡ ᠴᠣᠭᠴᠠᠵᠢᠭᠤᠯᠤᠭᠰᠠᠨ ᠲᠡᠮᠡᠭᠡᠨ ᠤ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠤᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号