ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠬᠦ ᠪᠠ ᠲᠠᠷᠬᠠᠨ ᠳᠡᠯᠭᠡᠷᠡᠬᠦ ᠶᠢ | ᠪᠦᠲᠦᠮᠵᠢᠲᠡᠢ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠡᠯ᠎ᠡ ᠰᠤᠮᠤ ᠪᠠᠯᠭᠠᠰᠤ | ᠪᠣᠯᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ | ᠪᠠᠶᠢᠷᠢᠯᠠᠭᠤᠯᠵᠤ᠂ ᠬᠠᠷᠢᠶ᠎ᠠ ᠣᠷᠣᠨ ᠤ ᠭᠤᠣᠯ ᠵᠠᠮ ᠤᠨ ᠬᠡᠰᠡᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠣᠭᠤᠮᠲᠠ ᠭᠠᠷᠭᠠᠪᠠ᠃ ᠴᠠᠭᠠᠨ ᠰᠠᠷ᠎ᠠ ᠶᠢᠨ ᠬᠤᠭᠤᠴᠠᠭᠠᠨ ᠳᠤ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ | 24 ᠴᠠᠭ ᠢᠶᠠᠷ ᠵᠢᠵᠢᠭᠦᠷᠯᠡᠨ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠠᠮᠤᠷ ᠲᠦᠪᠰᠢᠨ ᠢ | ᠪᠠᠳᠣᠯᠠᠪᠠ᠃ | ᠪᠠᠶᠠᠨᠭᠤᠤᠯ ᠰᠤᠮᠤ ᠶᠢᠨ ᠵᠢᠨᠴᠠᠩ ᠠᠴᠠ ᠠᠯᠳᠠᠨᠴᠤᠭ ᠬᠦᠷᠬᠦ ᠱᠤᠭᠤᠮ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠣᠭᠤᠮᠲᠠ ᠳᠤ᠂ ᠡᠭᠦᠷᠭᠡ ᠬᠦᠢᠴᠡᠳᠭᠡᠭᠴᠢ ᠠᠴᠠ ᠨᠠᠰᠢ ᠴᠠᠰᠢ ᠶᠠᠪᠤᠬᠤ ᠮᠠᠰᠢᠨ ᠲᠡᠷᠭᠡ ᠶᠢ | ᠬᠥᠲᠥᠯᠥᠨ ᠵᠢᠯᠣᠭᠤᠳᠴᠤ ᠡᠮᠬᠢ ᠵᠢᠷᠤᠮ ᠲᠠᠢ ᠪᠠᠷ ᠳᠠᠩᠰᠠᠯᠠᠭᠤᠯᠵᠤ᠂ ᠣᠯᠠᠨ ᠳᠤ ᠠᠮᠠᠪᠴᠢ ᠵᠡᠭᠦᠵᠦ ︽ᠺᠣᠳ᠋ | ᠰᠢᠷᠪᠢᠵᠦ︾᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢᠶᠠᠨ ᠭᠠᠷᠭᠠᠬᠤ ᠶᠢ ᠰᠠᠨᠠᠭᠤᠯᠵᠤ ᠪᠠᠶᠢᠨ᠎ᠠ᠃ | | | | | ᠠᠭᠤᠷ ᠠᠮᠢᠰᠬᠤᠯ ᠬᠠᠬᠢᠷ ᠬᠦᠢᠳᠡᠨ ᠪᠠᠶᠢᠭᠰᠠᠨ ᠴᠤ ᠡᠭᠦᠷᠭᠡ ᠬᠦᠢᠴᠡᠳᠭᠡᠭᠴᠢ ᠮᠥᠨ ᠬᠦ ᠠᠵᠢᠯ ᠤᠨ | ᠪᠠᠶᠢᠷᠢ ᠪᠠᠨ ᠪᠠᠲᠤ ᠰᠠᠬᠢᠵᠤ᠂ ︽ᠲᠡᠷᠭᠡ ᠳᠠᠭᠠᠷᠠᠪᠠᠯ ᠵᠠᠪᠠᠯ ᠪᠠᠶᠢᠴᠠᠭᠠᠵᠤ᠂ ᠬᠥᠮᠦᠨ ᠳᠠᠭᠠᠷᠠᠪᠠᠯ ᠵᠠᠪᠠᠯ ᠪᠠᠶᠢᠴᠠᠭᠠᠬᠤ︾ | ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠵᠤ ᠵᠢᠭᠰᠠᠭᠠᠨ ᠪᠠᠶᠢᠴᠠᠭᠠᠬᠤ ᠠᠵᠢᠯ ᠳᠤ ᠥᠴᠦᠬᠡᠨ ᠴᠦ ᠠᠯᠳᠠᠰᠢ | ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ | | | | | ᠠᠯᠠᠱᠠ ᠪᠠᠷᠠᠭᠤᠨ ᠬᠤᠰᠢᠭᠤᠨ ᠤ ᠴᠠᠭᠠᠨ ᠲᠦᠩᠭᠡ ᠳᠣᠲᠣᠭᠠᠳᠤ ᠶᠢ ᠬᠠᠮᠠᠭᠠᠯᠠᠬᠤ ᠪᠠᠶᠢᠴᠠᠭᠠᠯᠲᠠ ᠶᠢᠨ | ᠥᠷᠲᠡᠭᠡ ᠪᠣᠯ ᠥᠪᠡᠷᠲᠡᠭᠡᠨ ᠵᠠᠰᠠᠬᠤ ᠣᠷᠣᠨ ᠠᠴᠠ ᠪᠠᠶᠢᠭᠤᠯᠤᠭᠰᠠᠨ ᠪᠡᠭᠡᠵᠢᠩ ᠢ ᠲᠣᠭᠤᠷᠢᠭᠰᠠᠨ 16 ᠪᠠᠶᠢᠴᠠᠭᠠᠬᠤ | ᠥᠷᠲᠡᠭᠡ ᠶᠢᠨ ᠨᠢᠭᠡ ᠪᠣᠯᠤᠨ᠎ᠠ᠃ ᠴᠠᠭᠠᠨ ᠰᠠᠷ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ | ᠠᠵᠢᠯ ᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠶᠢᠴᠠᠭᠠᠬᠤ ᠥᠷᠲᠡᠭᠡ 24 ᠴᠠᠭ ᠢᠶᠠᠷ ᠡᠭᠡᠯᠵᠢᠯᠡᠨ ᠵᠢᠵᠢᠭᠦᠷᠯᠡᠬᠦ | ᠦᠢᠯᠡᠴᠢᠯᠡᠬᠡᠨ ᠤ ᠵᠠᠭᠪᠤᠷ ᠢ ᠬᠡᠷᠡᠭᠵᠢᠭᠦᠯᠵᠦ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠶᠢᠨ ᠬᠠᠮᠲᠤ᠂ ᠪᠠᠶᠢᠴᠠᠭᠠᠬᠤ ᠥᠷᠲᠡᠭᠡ ᠶᠢᠨ ᠮᠡᠳᠡᠭᠡ | ᠵᠠᠩᠭᠢᠵᠢᠯᠲᠠ ᠶᠢᠨ ᠲᠥᠬᠦᠭᠡᠷᠦᠮᠵᠢ ᠳᠤ ᠲᠦᠰᠢᠭᠯᠡᠨ᠂ ᠨᠠᠰᠢ ᠴᠠᠰᠢ ᠥᠩᠭᠡᠷᠡᠬᠦ ᠲᠡᠷᠭᠡ ᠬᠥᠰᠬᠡ᠂ ᠬᠥᠮᠦᠰ ᠤᠨ | ᠨᠡᠪᠲᠡᠷᠡᠬᠦ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠲᠡᠮᠳᠡᠭᠯᠡᠵᠦ᠂ ᠥᠷᠭᠡᠨ ᠣᠯᠠᠨ ᠲᠦᠮᠡᠨ ᠤ ᠪᠡᠶ᠎ᠡ ᠮᠠᠬᠠᠪᠣᠳ | ᠡᠳ᠋ ᠬᠥᠷᠥᠩᠭᠡ ᠪᠠ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠪᠠ᠃ | | | | | | | | ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠥᠮᠦᠰ ᠤᠨ ᠵᠣᠷᠴᠢᠯᠳᠠ ᠶᠢᠨ ᠬᠡᠮᠵᠢᠶ᠎ᠡ ᠶᠡᠭᠡ ᠪᠠᠶᠢᠭ᠎ᠠ | ᠪᠠᠶᠢᠳᠠᠯ ᠳᠤ ᠴᠢᠭᠯᠡᠭᠦᠯᠦᠨ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠨᠡᠮᠡᠭᠳᠡᠵᠦ᠂ | ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠨ᠎ᠠ᠃ ᠠᠯᠠᠱᠠ ᠪᠠᠷᠠᠭᠤᠨ ᠬᠤᠰᠢᠭᠤ ᠨᠠᠮ ᠤᠨ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠠᠵᠢᠯ ᠢ ᠦᠳᠲᠡᠷ | ᠲᠦᠷᠭᠡᠨ ᠦᠷᠨᠢᠬᠦᠯᠵᠦ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ | ᠪᠡᠶ᠎ᠡ ᠪᠠᠷ ᠢᠶᠠᠨ ᠪᠠᠶᠢᠷᠢᠯᠠᠭᠤᠯᠣᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠳᠡᠭᠡᠷ᠎ᠡ ᠳᠣᠣᠷ᠎ᠠ ᠬᠤᠯᠪᠣᠭᠠᠯᠠᠨ ᠬᠥᠳᠡᠯᠦᠯᠴᠡᠬᠦ᠂ ︽ᠠᠵᠢᠯ ᠤᠨ ᠬᠠᠷᠢᠭᠤᠴᠠᠯᠭ᠎ᠠ ᠪᠠᠨ | ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠭᠡᠬᠦ︾ | ᠤᠬᠠᠮᠰᠠᠷ ᠢ ᠪᠠᠳᠣ ᠪᠣᠢ ᠪᠣᠯᠭᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠣᠷᠢᠵᠢᠭᠤᠯᠣᠨ᠂ ᠬᠤᠰᠢᠭᠤᠨ ᠤ ᠳᠣᠲᠣᠷᠠᠬᠢ ᠭᠤᠤᠯ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠲᠤ ᠬᠢᠵᠢᠭ | ᠪᠠᠶᠢᠴᠠᠭᠠᠬᠤ ᠴᠡᠭ ᠢ ᠳᠣᠬᠢᠷᠠᠭᠤᠯᠣᠨ᠂ ᠰᠢᠯᠢᠳᠡᠭ ᠬᠦᠴᠦᠨ ᠢ ᠲᠠᠲᠠᠬᠤ᠂ ᠲᠥᠬᠦᠭᠡᠷᠦᠮᠵᠢ ᠲᠣᠬᠢᠷᠠᠭᠤᠯᠬᠤ᠂ | ᠡᠭᠡᠯᠵᠢᠯᠡᠨ ᠵᠢᠵᠢᠭᠦᠷᠯᠡᠬᠦ᠂ ᠵᠠᠮ ᠬᠠᠷᠢᠯᠴᠠᠭᠠᠨ ᠤ ᠴᠢᠬᠤᠯᠠ ᠵᠠᠮ ᠢ ᠴᠢᠩᠭ᠎ᠠ ᠰᠠᠬᠢᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢᠨ ᠬᠠᠮᠲᠤ᠂ ᠵᠠᠮ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦ ᠪᠠᠷ ᠢᠶᠠᠨ ᠪᠠᠲᠤ ᠴᠣᠭᠴᠠᠯᠠᠪᠠ᠃ | | | | | |