1 ᠰᠠᠷ᠎ᠠ ᠶᠢᠨ 30 ᠤ ᠡᠳᠦᠷ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠵᠢᠶᠠᠩ ᠪᠢᠩ ᠵᠢᠶᠧ ᠲᠠᠮᠰᠤᠭᠪᠤᠯᠠᠭ ᠰᠣᠮᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠪᠠ ᠣᠣᠭᠠᠨᠳᠡᠯᠭᠡᠷ ᠦᠷᠲᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠣᠭᠤᠮᠲᠠ ᠳᠡᠭᠡᠷ᠎ᠡ ᠤᠷᠢᠳ ᠬᠤᠵᠢᠳ ᠬᠦᠷᠴᠦ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ | ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ | ᠪᠠ ᠴᠠᠭᠠᠨ ᠰᠠᠷ᠎ᠠ ᠶᠢᠨ ᠢᠷᠥᠭᠡᠯ ᠳᠡᠪᠰᠢᠭᠦᠯᠪᠡ᠃ | ᠵᠢᠶᠠᠩ ᠪᠢᠩ ᠵᠢᠶᠧ ᠵᠢᠵᠢᠭᠦᠷᠯᠡᠵᠦ ᠪᠠᠶᠢᠭ᠎ᠠ ᠬᠥᠮᠦᠰ ᠲᠠᠢ ᠳᠣᠲᠣᠨᠣ ᠪᠠᠷ ᠶᠠᠷᠢᠯᠴᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢᠨ ᠪᠠᠶᠢᠴᠠᠭᠠᠨ ᠰᠢᠯᠭᠠᠬᠤ ᠶᠠᠪᠤᠴᠠ᠂ ᠰᠡᠷᠭᠡᠶᠢᠯᠡᠨ ᠡᠵᠡᠮᠳᠡᠬᠦ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠣᠶᠢᠯᠠᠭᠠᠵᠤ᠂ ᠵᠢᠵᠢᠭᠦᠷᠯᠡᠭᠴᠢ ᠶᠢᠨ ᠳᠤᠯᠠᠭᠠᠯᠠᠬᠤ | ᠠᠷᠭ᠎ᠠ ᠬᠡᠮᠵᠢᠶ᠎ᠡ᠂ ᠵᠢᠵᠢᠭᠦᠷᠯᠡᠬᠦ ᠠᠷᠭ᠎ᠠ᠂ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠵᠡᠷᠭᠡ ᠪᠠᠶᠢᠳᠠᠯ ᠳᠤ᠂ | ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠵᠢᠯᠲᠠᠳ ᠲᠤ ᠲᠠᠯᠠᠷᠬᠠᠯ ᠢᠶᠠᠨ ᠢᠯᠡᠳᠬᠡᠵᠦ᠂ ᠣᠯᠠᠨ ᠢᠶᠠᠷ ᠢᠶᠠᠨ | ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠬᠦᠢᠴᠡᠳᠬᠡᠵᠦ᠂ | ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠣᠰ ᠪᠡᠶ᠎ᠡ ᠶᠢᠨ ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ ᠪᠠᠷ ᠢᠶᠠᠨ | ᠪᠥᠬᠦ ᠬᠤᠰᠢᠭᠤᠨ ᠤ ᠠᠮᠤᠷ ᠲᠦᠪᠰᠢᠨ ᠤ ᠵᠢᠭᠠᠯᠲᠠ ᠲᠤᠭ᠎ᠠ ᠪᠠ ᠠᠷᠠᠳ ᠢᠷᠭᠡᠳ ᠤᠨ ᠵᠣᠯ ᠵᠢᠷᠭᠠᠯ ᠤᠨ ᠵᠢᠭᠠᠯᠲᠠ | ᠲᠤᠭ᠎ᠠ ᠶᠢ ᠰᠣᠯᠢᠬᠤ ᠳᠤ ᠬᠠᠷᠠᠮ ᠥᠬᠡᠶ ᠵᠤᠷᠢᠭᠤᠯᠤᠭᠰᠠᠨ ᠵᠣᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ | ᠲᠡᠪᠰᠢᠭᠦᠯᠪᠡ᠃ | ᠵᠢᠶᠠᠩ ᠪᠢᠩ ᠵᠢᠶᠧ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠣᠶᠢᠷᠠᠳᠴᠤ᠂ ᠬᠥᠮᠦᠰ ᠤᠨ ᠶᠠᠪᠤᠵᠤ | ᠰᠠᠭᠤᠬᠤ ᠣᠯᠠᠰᠢᠷᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠢ᠂ ᠨᠠᠷᠢᠨ | ᠨᠢᠭᠲᠠ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠦᠨᠡᠨᠬᠦ ᠴᠢᠩᠭᠠᠳᠬᠠᠵᠤ᠂ | ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠶᠤᠯ ᠲᠦᠭᠰᠢᠭᠦᠷᠢ ᠪᠣᠯᠤᠨ ᠭᠡᠮ ᠰᠣᠭᠤᠭ ᠢ | ᠲᠤᠰᠠᠭᠠᠷᠯᠠᠨ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠨᠢᠭᠡᠳᠦᠭᠡᠷ ᠪᠣᠭᠤᠮᠲᠠ︾ ᠶᠢ ᠡᠷᠡᠰ | ᠰᠠᠬᠢᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠪᠠᠲᠤᠯᠠᠵᠤ᠂ ᠵᠢᠵᠢᠭᠦᠷᠯᠡᠬᠦ ᠶᠢ | ᠵᠣᠬᠢᠰᠲᠠᠶ ᠳᠣᠭᠢᠷᠠᠭᠤᠯᠤᠨ᠂ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠴᠠᠭ ᠢᠮᠠᠭᠲᠠ ᠠᠩᠬᠠᠷᠴᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠵᠢᠯ ᠳᠤ ᠰᠠᠶᠢᠨ ᠰᠠᠶᠢᠬᠠᠨ ᠪᠠᠶᠢᠳᠠᠯ ᠢᠶᠠᠷ ᠣᠷᠣᠯᠴᠠᠵᠤ᠂ | ᠪᠥᠬᠦ ᠬᠤᠰᠢᠭᠤᠨ ᠤ ᠠᠷᠠᠳ ᠲᠦᠮᠡᠨ ᠤ ᠠᠮᠤᠷ ᠠᠮᠤᠭᠤᠯᠠᠩ ᠥᠯᠵᠡᠶ ᠪᠡᠯᠭᠡ ᠲᠠᠢ ᠴᠠᠭᠠᠨ ᠰᠠᠷ᠎ᠠ ᠪᠠᠨ | ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ | | |