ᠯᠢᠦ ᠴᠥᠩ ᠰᠢᠶᠤᠤ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠤᠨ ᠪᠠᠶᠢᠷᠢ ᠳᠡᠭᠡᠷ᠎ᠡ ᠪᠠᠨ ᠵᠢᠵᠢᠭᠦᠷᠯᠡᠵᠦ ᠪᠠᠶᠢᠭ᠎ᠠ ᠬᠥᠮᠦᠰ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/2/9
     ᠰᠢᠨ᠎ᠡ ᠵᠢᠯ ᠤᠨ ᠪᠠᠶᠠᠷ ᠪᠣᠯ ᠬᠡᠷ ᠬᠤᠲᠠᠯᠠᠭᠠᠷ ᠢᠶᠠᠷ ᠢᠶᠠᠨ ᠴᠤᠭᠯᠠᠷᠠᠬᠤ ᠡᠳᠦᠷ ᠮᠥᠨ᠂ ᠭᠡᠪᠡᠴᠦ ᠡᠮᠦᠨ᠎ᠡ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠴᠥᠭᠡᠨ ᠪᠤᠰᠤ ᠠᠵᠢᠯᠲᠠᠳ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ ᠂ ᠰᠢᠷᠭᠠᠭᠤ ᠬᠠᠲᠠᠭᠤᠵᠢᠯᠲᠠᠶ ᠪᠠᠷ ᠠᠵᠢᠯᠯᠠᠵᠤ᠂ 2 ᠰᠠᠷ᠎ᠠ ᠶᠢᠨ 1 ᠤ ᠡᠳᠦᠷ ᠤᠨ ᠰᠢᠨ᠎ᠡ ᠶᠢᠨ ᠨᠢᠭᠡᠨ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠢᠶᠠᠷ ᠳᠠᠮᠵᠢᠭᠤᠯᠤᠨ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠥᠷᠭᠡᠨ ᠣᠯᠠᠨ ᠬᠥᠳᠡᠯᠮᠦᠷᠢᠴᠢᠳ ᠲᠤ ᠪᠠᠶᠠᠷ ᠤᠨ ᠡᠳᠦᠷ ᠤᠨ ᠳᠣᠲᠣᠨᠣ ᠮᠡᠨᠳᠦᠴᠢᠯᠡᠯ ᠪᠠ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠥᠭᠡᠯ ᠳᠡᠪᠰᠢᠭᠦᠯᠵᠡᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠰᠢᠶᠧ ᠹᠠᠩ ᠷᠧᠨ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠸᠠᠩ ᠬᠤᠩ ᠵᠢᠶ ᠲᠣᠬᠤᠨᠢᠭᠤᠯᠤᠯ ᠳᠤ ᠣᠷᠣᠯᠴᠠᠵᠠᠶ᠃
     ᠯᠢᠦ ᠴᠥᠩ ᠰᠢᠶᠤᠤ ᠠᠯᠠᠱᠠ ᠪᠠᠷᠠᠭᠤᠨ ᠬᠤᠰᠢᠭᠤᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶᠠᠨ ᠳᠤ ᠬᠦᠷᠴᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠨᠢᠭᠡ ᠨᠢᠭᠡ ᠪᠠᠷ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ᠃ ᠯᠢᠦ ᠴᠥᠩ ᠰᠢᠶᠤᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠶᠠᠳᠠᠷᠠᠯ ᠵᠦᠳᠡᠷᠡᠯ ᠠᠴᠠ ᠬᠠᠯᠠᠰᠢᠷᠠᠯ ᠦᠭᠡᠢ ᠴᠢᠷᠮᠠᠶᠢᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠡᠮᠦᠨ᠎ᠡ ᠹᠷᠣᠨᠲ ᠲᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠢᠮᠠᠭᠲᠠ ᠪᠠᠲᠤ ᠰᠠᠬᠢᠵᠤ᠂ ᠲᠡᠳᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠯᠢᠦ ᠴᠥᠩ ᠰᠢᠶᠤᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠥᠳᠡᠯᠮᠦᠷᠢ ᠶᠢ ᠬᠦᠨᠳᠦᠳᠬᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠬᠠᠶᠢᠷᠠᠯᠠᠨ ᠬᠠᠯᠠᠮᠵᠢᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠳᠦᠯ ᠢ ᠪᠠᠳᠠᠷᠠᠭᠤᠯᠵᠤ᠂ ᠴᠡᠪᠡᠷ ᠴᠡᠮᠴᠡᠭᠡᠷ ᠭᠤᠶᠢᠳᠠ ᠰᠠᠶᠢᠬᠠᠨ ᠬᠤᠳᠠ ᠪᠠᠯᠭᠠᠰᠤᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠪᠡ᠃
     ᠴᠠᠬᠢᠯᠭᠠᠨ ᠬᠠᠩᠭᠠᠬᠤ ᠠᠵᠢᠯ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠠᠯᠠᠱᠠ ᠪᠠᠷᠠᠭᠤᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠲᠣᠬᠢᠷᠠᠭᠤᠯᠤᠨ ᠡᠵᠡᠮᠳᠡᠬᠦ ᠲᠠᠰᠤᠭ ᠲᠤ᠂ ᠯᠢᠦ ᠴᠥᠩ ᠰᠢᠶᠤᠤ ᠠᠵᠢᠯᠲᠠᠳ ᠢ ᠳᠣᠲᠣᠨᠣ ᠪᠠᠷ ᠲᠣᠬᠤᠨᠢᠭᠤᠯᠵᠤ᠂ ᠣᠯᠠᠨ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠴᠠᠬᠢᠯᠭᠠᠨ ᠬᠠᠩᠭᠠᠯᠭ᠎ᠠ ᠶᠢᠨ ᠪᠠᠲᠤᠯᠠᠪᠤᠷᠢ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠭᠰᠠᠨ ᠤ ᠳᠠᠷᠠᠭ᠎ᠠ᠂ ᠯᠢᠦ ᠴᠥᠩ ᠰᠢᠶᠤᠤ ᠵᠢᠭᠠᠵᠤ ᠭᠠᠷᠭᠠᠭᠰᠠᠨ ᠨᠢ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠬᠤ ᠶᠢ ᠰᠠᠶᠢᠲᠤᠷ ᠬᠢᠵᠦ᠂ ᠭᠡᠮ ᠰᠣᠭᠤᠭ ᠢ ᠳᠠᠷᠠᠭᠠᠯᠠᠨ ᠪᠠᠶᠢᠴᠠᠭᠠᠬᠤ ᠶᠢ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃
     ᠬᠤᠰᠢᠭᠤᠨ ᠤ ᠲᠤᠯᠠᠭᠠᠨ ᠢᠯᠴᠢ ᠶᠢᠨ ᠬᠦᠴᠦᠨ ᠤ ᠺᠣᠮᠫᠠᠨᠢ ᠳᠤ᠂ ᠯᠢᠦ ᠴᠥᠩ ᠰᠢᠶᠤᠤ ᠨᠢᠭᠡᠳᠦᠭᠡᠷ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠢᠯᠴᠢ ᠬᠠᠩᠭᠠᠬᠤ ᠠᠵᠢᠯᠲᠠᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠤᠯᠠᠨ ᠤ ᠤᠷᠳᠤ ᠬᠤᠭᠤᠴᠠᠭᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤᠳᠬᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠢᠯᠴᠢ ᠬᠠᠩᠭᠠᠬᠤ ᠶᠢ ᠪᠠᠶᠢᠴᠠᠭᠠᠨ ᠰᠡᠯᠪᠢᠬᠦ ᠠᠵᠢᠯ ᠢ ᠰᠠᠶᠢᠲᠤᠷ ᠬᠢᠵᠦ᠂ ᠢᠯᠴᠢ ᠬᠠᠩᠭᠠᠬᠤ ᠦᠷ᠎ᠡ ᠠᠰᠢᠭ ᠪᠣᠯᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠯᠠᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠡᠬᠦ᠂ ᠰᠠᠨᠠᠭ᠎ᠠ ᠠᠮᠤᠷ ᠰᠢᠨᠡᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠯᠢᠦ ᠴᠥᠩ ᠰᠢᠶᠤᠤ ᠪᠠᠰᠠ ᠠᠯᠠᠱᠠ ᠪᠠᠷᠠᠭᠤᠨ ᠬᠤᠰᠢᠭᠤᠨ ᠤ ᠤᠰᠤ ᠬᠠᠩᠭᠠᠬᠤ ᠥᠷᠲᠡᠭᠡᠨ ᠤ ᠤᠰᠤ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠤᠰᠤ ᠬᠠᠩᠭᠠᠬᠤ ᠥᠷᠲᠡᠭᠡᠨ ᠤ ᠠᠵᠢᠯᠲᠠᠳ ᠤᠨ ᠨᠢᠭᠡ ᠵᠢᠯ ᠤᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ᠂ ᠤᠰᠤ ᠬᠠᠩᠭᠠᠬᠤ ᠶᠠᠪᠤᠴᠠ ᠪᠣᠯᠤᠨ ᠤᠰᠤᠨ ᠤ ᠴᠢᠨᠠᠷ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠭᠰᠠᠨ ᠤ ᠳᠠᠷᠠᠭ᠎ᠠ᠂ ᠯᠢᠦ ᠴᠥᠩ ᠰᠢᠶᠤᠤ ᠵᠢᠭᠠᠵᠤ ᠭᠠᠷᠭᠠᠭᠰᠠᠨ ᠨᠢ᠂ ᠤᠰᠤ ᠬᠡᠷᠡᠭᠯᠡᠬᠦ ᠪᠣᠯ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠮᠥᠨ᠂ ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠤᠰᠤ ᠬᠠᠩᠭᠠᠬᠤ ᠠᠵᠢᠯ ᠪᠣᠯ ᠲᠦᠢᠯ ᠤᠨ ᠴᠢᠬᠤᠯᠠ ᠶᠤᠮ᠂ ᠵᠢᠵᠢᠭᠦᠷᠯᠡᠨ ᠰᠠᠬᠢᠬᠤ ᠶᠢ ᠰᠠᠶᠢᠲᠤᠷ ᠳᠣᠭᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠪ ᠢ ᠲᠡᠭᠦᠯᠳᠡᠷᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠤᠰᠤ ᠬᠠᠩᠭᠠᠬᠤ ᠠᠮᠤᠷ ᠲᠦᠪᠰᠢᠨ ᠢ ᠪᠠᠲᠤᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠰᠠᠨᠠᠭ᠎ᠠ ᠠᠮᠤᠷ ᠤᠰᠤ ᠤᠤᠭᠤᠬᠤ ᠶᠢ ᠪᠠᠲᠤᠯᠠᠬᠤ ᠬᠡᠷᠡᠭᠲᠡᠶ ᠭᠡᠵᠡᠶ᠃
     ᠯᠢᠦ ᠴᠥᠩ ᠰᠢᠶᠤᠤ ᠪᠠᠰᠠ ᠪᠠᠶᠠᠨᠭᠤᠣᠯ ᠰᠤᠮᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢᠨ ᠡᠮᠦᠨ᠎ᠡ ᠹᠷᠣᠨᠲ ᠲᠤ ᠵᠢᠵᠢᠭᠦᠷᠯᠡᠵᠦ ᠪᠠᠶᠢᠭ᠎ᠠ ᠬᠥᠮᠦᠰ ᠪᠣᠯᠤᠨ ᠴᠠᠭᠠᠨ ᠲᠦᠩᠭᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠶᠢ ᠲᠣᠬᠤᠨᠢᠭᠤᠯᠵᠤ᠂ ᠲᠡᠳᠡᠨ ᠤ ᠠᠵᠢᠯ ᠤᠨ ᠪᠠᠶᠢᠷᠢ ᠪᠠᠨ ᠪᠠᠲᠤ ᠰᠠᠬᠢᠵᠤ ᠬᠠᠷᠠᠮ ᠦᠭᠡᠢ ᠵᠤᠷᠢᠭᠤᠯᠤᠭᠰᠠᠨ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠥᠷᠭᠡᠨ ᠤᠯᠠᠨ ᠡᠭᠦᠷᠭᠡ ᠭᠦᠢᠴᠡᠳᠬᠡᠭᠴᠢ ᠪᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠯᠢᠪᠠ ᠠᠮᠤᠷ ᠲᠦᠪᠰᠢᠨ ᠪᠤᠰᠤ ᠬᠦᠴᠦᠨ ᠵᠦᠢᠯ ᠪᠠ ᠲᠣᠭᠲᠠᠭᠤᠨ ᠪᠤᠰᠤ ᠭᠡᠮ ᠰᠣᠭᠤᠭ ᠢ ᠡᠷᠡᠰ ᠬᠤᠷᠢᠭᠯᠠᠵᠤ᠂ ᠠᠷᠠᠳ ᠤᠯᠠᠨ ᠤ ᠠᠮᠤᠷ ᠲᠠᠶᠢᠪᠤᠩ ᠥᠯᠵᠡᠢ ᠪᠡᠯᠭᠡ ᠲᠠᠢ ᠪᠠᠷ ᠴᠠᠭᠠᠨ ᠰᠠᠷ᠎ᠠ ᠪᠠᠨ ᠪᠠᠶᠠᠷ ᠬᠦᠷ ᠲᠠᠢ ᠥᠩᠭᠡᠷᠡᠭᠦᠯᠬᠦ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠯᠢᠦ ᠴᠥᠩ ᠰᠢᠶᠤᠤ ᠪᠠᠰᠠ ᠴᠠᠭᠠᠨ ᠲᠦᠩᠬᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠲᠠᠢ ᠬᠠᠮᠲᠤ ᠪᠠᠩᠰᠢ ᠪᠤᠭᠤᠵᠤ ᠰᠢᠨᠡᠯᠡᠪᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号