ᠠᠯᠠᠱᠠ ᠪᠠᠷᠠᠭᠤᠨ ᠬᠤᠰᠢᠭᠤᠨ ᠤ 1 ᠳ᠋ᠤᠭᠡᠷ ᠲᠣᠭᠠᠲᠤ ᠣᠶ ᠰᠢᠭᠤᠶ ᠶᠢᠨ ᠳᠠᠷᠤᠭ᠎ᠠ ᠶᠢᠨ ᠵᠠᠷᠯᠢᠭ — ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠴᠢᠩᠭᠠᠳᠬᠠᠬᠤ ᠲᠤᠬᠠᠶ ᠵᠠᠷᠯᠢᠭ
ᠨᠡᠶᠢᠲᠡᠯᠡᠭᠰᠡᠨ ᠴᠠᠭ᠄
2022/4/25
     ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠡᠯ᠎ᠡ ᠪᠦᠷᠢᠯᠳᠦᠬᠦᠨ ᠨᠢᠭᠡᠴᠡ ᠳᠤ᠄      3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ᠂ 9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠲᠠᠯ᠎ᠠ ᠣᠶ ᠰᠢᠭᠤᠶ ᠨᠤᠲᠤᠭ ᠪᠡᠯᠴᠢᠭᠡᠷ ᠤᠨ ᠭᠠᠯᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠭᠠᠯ ᠤᠨᠲᠠᠷᠠᠭᠠᠬᠤ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠠᠪᠤᠷ ᠤᠨ ᠤᠯᠠᠷᠢᠯ ᠳᠤ ᠭᠠᠩ ᠬᠠᠭᠤᠷᠠᠶ ᠰᠠᠯᠬᠢ ᠶᠡᠭᠡ᠂ ᠠᠭᠠᠷ ᠤᠨ ᠳᠤᠯᠠᠭᠠᠨ ᠥᠩᠭᠡᠷᠡᠭᠰᠡᠨ ᠵᠢᠯ ᠤᠳ ᠤᠨ ᠬᠢ ᠠᠴᠠ ᠥᠨᠳᠥᠷ ᠰᠢᠭ ᠪᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠭᠠᠯ ᠤᠨᠲᠠᠷᠠᠭᠠᠬᠤ ᠪᠠᠶᠢᠳᠠᠯ ᠨᠠᠩ ᠬᠦᠨᠳᠦ ᠨᠣᠴᠢᠲᠠᠶ ᠪᠣᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠦᠨᠡᠨᠬᠦ ᠴᠢᠩᠭᠠᠳᠬᠠᠨ᠂ ᠠᠷᠠᠳ ᠣᠯᠠᠨ ᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ᠡᠳᠦᠭᠡ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠵᠠᠷᠯᠢᠭ ᠢ ᠨᠡᠶᠢᠲᠡᠯᠡᠪᠡ᠃      ᠨᠢᠭᠡ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠵᠦ᠂ ᠭᠠᠯ ᠤᠨ ᠠᠶᠤᠯ ᠠᠴᠠ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠎ᠠ᠃ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠨᠠᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠡᠷᠡᠰ ᠨᠢᠭᠡᠳᠬᠡᠨ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ᠂ ᠠᠷᠠᠳ ᠤᠨ ᠠᠮᠢᠳᠤᠷᠠᠯ ᠢ ᠡᠷᠬᠢᠮᠯᠡᠬᠦ ᠳᠡᠭᠡᠳᠦ ᠬᠡᠮᠵᠢᠶᠡᠨ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ ᠂ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠠ ᠵᠠᠪᠰᠢᠶᠠᠨ ᠢ ᠡᠷᠢᠬᠦ ᠪᠣᠳᠣᠯ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠭᠠᠯ ᠤᠨ ᠠᠶᠤᠯ ᠠᠴᠠ ᠰᠡᠷᠭᠡᠶᠢᠯᠡᠬᠦ ᠠᠵᠢᠯ ᠤᠨ ᠪᠠᠭᠤᠷᠠᠶ ᠲᠠᠯ᠎ᠠ ᠶᠢ ᠰᠡᠷᠭᠡᠭ ᠢᠶᠠᠷ ᠲᠠᠨᠢᠬᠤ ᠬᠡᠷᠡᠭᠲᠡᠶ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤ ᠡᠯ᠎ᠡ ᠲᠠᠰ ᠳᠠᠪᠬᠤᠷᠭ᠎ᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠣᠯ ᠠᠴᠠ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠨ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠨᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠰᠠᠯᠭᠠᠨ ᠰᠢᠢᠳᠪᠦᠷᠢᠯᠡᠬᠦ᠂ ᠰᠢᠪᠠᠳᠠᠨ ᠰᠢᠢᠳᠪᠦᠷᠢᠯᠡᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠵᠡᠩᠨᠡᠯᠲᠡ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠬᠦ ᠰᠡᠷᠭᠡᠶᠢᠯᠡᠯᠲᠡ ᠶᠢᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ᠂ ᠬᠡᠰᠡᠭ ᠭᠠᠵᠠᠷ ᠤᠨ ᠬᠠᠷᠢᠭᠤᠴᠠᠯᠭ᠎ᠠ᠂ ᠬᠡᠰᠡᠭ ᠭᠠᠵᠠᠷ ᠢ ᠳᠠᠭᠠᠭᠠᠴᠢᠯᠠᠬᠤ ᠬᠠᠷᠢᠭᠤᠴᠠᠯᠭ᠎ᠠ ᠪᠠ ᠣᠨᠴᠣᠭᠤᠶ ᠬᠥᠮᠦᠰ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠳᠠᠯᠳᠠ ᠬᠡᠮ ᠪᠠ ᠭᠤᠤᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠣᠳᠣᠬᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠨ ᠭᠠᠯ ᠤᠨᠲᠠᠷᠠᠭᠠᠬᠤ ᠠᠵᠢᠯ ᠳᠤ ᠳᠠᠬᠢᠨ ᠳᠠᠶᠢᠴᠢᠯᠠᠯᠲᠠ᠂ ᠳᠠᠬᠢᠨ ᠱᠠᠭᠠᠷᠳᠠᠯᠭ᠎ᠠ᠂ ᠳᠠᠬᠢᠨ ᠪᠠᠶᠢᠷᠢᠯᠠᠭᠤᠯᠤᠯᠲᠠ ᠬᠢᠵᠦ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠡᠯ᠎ᠡ ᠵᠣᠶᠢᠯ ᠤᠨ ᠠᠵᠢᠯ ᠤᠨ ᠡᠴᠦᠰ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠎ᠠ᠃      ︵ᠨᠢᠭᠡ︶ ᠭᠠᠯ ᠤᠨ ᠲᠥᠷᠥᠯ ᠵᠢᠴᠢ ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠢ ᠪᠤᠳᠠᠰ ᠢ ᠭᠠᠯ ᠭᠠᠷᠭᠠᠬᠤ  ᠶᠢ ᠴᠠᠭᠠᠵᠠᠯᠠᠬᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠨ᠎ᠠ᠃ ᠴᠠᠭᠠᠰᠤ ᠰᠢᠲᠠᠭᠠᠬᠤ᠂ ᠬᠦᠵᠢ ᠠᠰᠠᠭᠠᠬᠤ᠂ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ ᠪᠠ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠠᠲᠠᠷᠰᠢᠭᠤᠯᠬᠤ᠂ ᠡᠰᠢ ᠰᠦᠷᠡᠯ ᠰᠢᠲᠠᠭᠠᠬᠤ᠂ ᠭᠠᠯ ᠨᠣᠴᠣᠭᠠᠵᠤ ᠳᠤᠯᠠᠭᠠᠯᠠᠬᠤ᠂ ᠬᠤᠭ ᠨᠣᠪᠰᠢ ᠶᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ ᠡᠭᠦᠰᠭᠡᠬᠦ ᠪᠤᠰᠤᠳ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠭᠠᠯ ᠭᠠᠷᠭᠠᠬᠤ ᠶᠢ ᠴᠠᠭᠠᠵᠠᠯᠠᠬᠤ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠨ ᠦᠢᠯᠡᠳᠪᠦᠷᠢᠯᠡᠬᠦ ᠳᠤ ᠬᠢᠨᠠᠨ ᠵᠥᠪᠰᠢᠶᠡᠷᠡᠬᠦ ᠲᠥᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠦᠨᠡᠨᠬᠦ ᠣᠨᠴᠣᠭᠤᠶ ᠰᠢᠯᠲᠠᠭᠠᠨ ᠠᠴᠠ ᠪᠣᠯᠵᠣ ᠬᠡᠭᠡᠷ᠎ᠡ ᠭᠠᠳᠠᠨ᠎ᠠ ᠦᠢᠯᠡᠳᠪᠦᠷᠢᠯᠡᠯ ᠠᠮᠢᠳᠤᠷᠠᠯ ᠳᠤ ᠭᠠᠯ ᠬᠡᠷᠡᠭᠯᠡᠬᠦ ᠴᠢᠬᠤᠯᠠ ᠲᠠᠢ ᠪᠣᠯ᠂ ᠡᠷᠬᠡᠪᠰᠢ ᠠᠯᠠᠱᠠ ᠪᠠᠷᠠᠭᠤᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠵᠦ᠂ ︽ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠢ ᠬᠢᠨᠠᠨ ᠣᠯᠭᠤᠵᠤ ᠲᠣᠭᠲᠠᠭᠰᠠᠨ ᠴᠠᠭ᠂ ᠲᠣᠭᠲᠠᠭᠰᠠᠨ ᠭᠠᠵᠠᠷ᠂ ᠬᠠᠷᠢᠭᠤᠴᠠᠯᠭ᠎ᠠ ᠲᠠᠢ ᠬᠥᠮᠦᠨ ᠢ ᠲᠣᠳᠣᠷᠬᠠᠶᠢᠯᠠᠵᠤ᠂ ᠰᠡᠷᠭᠡᠶᠢᠯᠡᠨ ᠠᠪᠤᠷᠬᠠᠤ ᠪᠡᠯᠡᠳᠬᠡᠯ ᠢ ᠰᠠᠶᠢᠲᠤᠷ ᠬᠢᠭᠰᠡᠨ ᠤᠷᠢᠲᠠᠯ ᠳᠣᠤᠷ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃      ︵ᠭᠤᠷᠪᠠ︶ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠡᠯ᠎ᠡ  ᠪᠦᠷᠢᠯᠳᠦᠬᠦᠨ ᠨᠢᠭᠡᠴᠡ ᠨᠦᠭᠦᠳ ᠲᠣᠭᠲᠠᠮᠠᠯ ᠬᠤᠭᠤᠴᠠᠭ᠎ᠠ ᠲᠠᠢ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠶ ᠣᠷᠣᠨ ᠢ ᠲᠣᠭᠤᠷᠢᠨ ᠬᠠᠮᠠᠭᠠᠯᠠᠬᠤ ᠪᠠᠨ ᠴᠢᠩᠭᠠᠳᠬᠠᠵᠤ᠂ ᠳᠠᠯᠳᠠ ᠬᠡᠮ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠣᠶ ᠶᠢᠨ ᠵᠠᠬ᠎ᠠ ᠬᠢᠵᠠᠭᠠᠷ᠂ ᠣᠶ ᠶᠢᠨ ᠬᠤᠷᠮᠣᠶ ᠵᠢᠴᠢ ᠵᠠᠮ ᠤᠨ ᠬᠤᠶᠠᠷ ᠲᠠᠯ᠎ᠠ ᠶᠢᠨ ᠰᠢᠲᠠᠮᠠᠬᠠᠶ ᠪᠣᠳᠠᠰ ᠢ ᠴᠠᠭ ᠲᠤᠬᠠᠶ ᠳᠤᠨᠢ ᠴᠡᠪᠡᠷᠯᠡᠬᠦ ᠬᠡᠷᠡᠭᠲᠡᠶ᠃ ᠬᠠᠩᠰᠢ᠂ ᠲᠠᠪᠤᠨ ᠰᠠᠷ᠎ᠠ ᠶᠢᠨ ᠨᠢᠭᠡᠨ᠂ ᠠᠷᠪᠠᠨ ᠰᠠᠷ᠎ᠠ ᠶᠢᠨ ᠨᠢᠭᠡᠨ᠂ ᠰᠢᠨ᠎ᠡ ᠵᠢᠯ᠂ ᠴᠠᠭᠠᠨ ᠰᠠᠷ᠎ᠠ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠠᠭ ᠴᠡᠭ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠰᠢᠭᠤᠶᠢᠲᠤ ᠣᠷᠣᠨ ᠤ ᠵᠠᠮ ᠪᠠ ᠦᠵᠡᠮᠵᠢ ᠶᠢᠨ ᠣᠷᠣᠨ ᠤ ᠣᠷᠣᠬᠤ ᠡᠭᠦᠳᠡᠨ ᠳᠤ ᠪᠠᠶᠢᠴᠠᠭᠠᠬᠤ ᠦᠷᠳᠡᠭᠡ ᠪᠠᠶᠢᠭᠤᠯᠵᠤ᠂ ᠭᠠᠯ ᠭᠠᠷᠭᠠᠬᠤ ᠶᠢ ᠴᠠᠭᠠᠵᠠᠯᠠᠬᠤ ᠣᠷᠣᠨ ᠳᠤ ᠣᠷᠣᠬᠤ ᠬᠥᠮᠦᠨ ᠪᠠ ᠲᠡᠷᠭᠡ  ᠮᠠᠰᠢᠨ ᠢ ᠴᠢᠩᠭ᠎ᠠ ᠵᠠᠬᠢᠷᠤᠨ ᠬᠠᠮᠢᠶᠠᠷᠴᠤ᠂ ᠭᠠᠯ ᠤᠨ ᠵᠦᠢᠯ ᠪᠤᠶᠤ ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠢ ᠪᠣᠳᠠᠰ ᠢ ᠭᠠᠯ ᠭᠠᠷᠭᠠᠬᠤ ᠶᠢ ᠴᠠᠭᠠᠵᠠᠯᠠᠬᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠵᠤ᠂ ︽ᠠᠭᠤᠯᠠ ᠶᠢ ᠪᠢᠲᠡᠭᠦᠮᠵᠢᠯᠡᠬᠦ᠂ ᠬᠥᠮᠦᠨ ᠢ ᠬᠠᠮᠠᠭᠠᠯᠠᠬᠤ᠂ ᠤᠢ ᠰᠢᠭᠤᠶ ᠶᠢ ᠬᠠᠮᠠᠭᠠᠯᠠᠬᠤ᠂ ᠡᠪᠡᠰᠦ ᠪᠡᠯᠴᠢᠭᠡᠷ ᠢ ᠰᠠᠬᠢᠬᠤ︾ ᠶᠢ ᠦᠨᠡᠨᠬᠦ ᠭᠦᠢᠴᠡᠳᠬᠡᠬᠦ ᠬᠡᠷᠡᠭᠲᠡᠶ᠃      ᠭᠤᠷᠪᠠ᠂ ᠤᠬᠠᠭᠤᠯᠤᠨ ᠳᠠᠶᠢᠴᠢᠯᠠᠬᠤ ᠶᠢ ᠴᠢᠬᠤᠯᠠᠴᠢᠯᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠳᠦᠷᠢᠮᠲᠦ ᠠᠯᠪᠠᠨ ᠭᠡᠷ᠂ ᠣᠶ ᠰᠢᠭᠤᠶ ᠶᠢᠨ ᠳᠠᠷᠤᠭ᠎ᠠ ᠶᠢᠨ ᠳᠦᠷᠢᠮᠲᠦ ᠡᠯ᠎ᠡ ᠪᠦᠷᠢᠯᠳᠦᠬᠦᠨ ᠨᠢᠭᠡᠴᠡ ᠨᠦᠭᠦᠳ ᠡᠯ᠎ᠡ ᠱᠠᠲᠤᠨ ᠤ ᠡᠯ᠎ᠡ ᠲᠥᠷᠥᠯ ᠤᠨ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠵᠤ᠂ ︽ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ᠂ ᠬᠡᠷᠡᠭ ᠢᠶᠠᠷ ᠴᠡᠭᠡᠷᠯᠡᠯ ᠪᠣᠯᠭᠠᠬᠤ︾ ︽ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠢᠶᠠᠷ ᠳᠠᠬᠢᠬᠤ︾ ᠵᠡᠷᠭᠡ ᠲᠤᠰᠬᠠᠶ ᠰᠡᠳᠦᠪᠲᠦ ᠤᠬᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠶᠤᠯ ᠦᠭᠡᠶ ᠪᠠᠷ ᠭᠠᠯ ᠬᠡᠷᠡᠭᠯᠡᠬᠦ᠂ ᠭᠠᠯ  ᠤᠨ ᠠᠶᠤᠯ ᠠᠴᠠ ᠰᠡᠷᠭᠡᠶᠢᠯᠡᠨ ᠭᠠᠯ ᠤᠨᠲᠠᠷᠠᠭᠠᠬᠤ ᠶᠡᠷᠦ ᠶᠢᠨ ᠮᠡᠳᠡᠯᠭᠡ ᠪᠠ ᠠᠶᠤᠯ ᠠᠴᠠ ᠪᠠᠴᠢᠮ ᠵᠠᠶᠢᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠳᠠᠬᠢᠯᠭ᠎ᠠ ᠶᠢᠨ ᠠᠷᠭ᠎ᠠ ᠮᠠᠶ᠋ᠢᠭ ᠢ ᠶᠡᠬᠡᠪᠡᠷ ᠰᠠᠨᠠᠭᠠᠴᠢᠯᠠᠨ ᠳᠡᠯᠭᠡᠷᠡᠭᠦᠯᠵᠦ᠂ ᠵᠠᠩ ᠳᠠᠳᠬᠠᠯ ᠢ ᠥᠭᠡᠷᠡᠴᠢᠯᠡᠬᠦ ᠰᠢᠨ᠎ᠡ ᠬᠡᠪ ᠰᠤᠷᠲᠠᠯ ᠢ ᠬᠥᠲᠥᠯᠦᠨ ᠵᠢᠯᠣᠭᠤᠳᠴᠤ ᠪᠠᠶᠢᠭᠠᠳ ᠪᠣᠶ ᠪᠣᠯᠭᠠᠵᠤ᠂ ᠥᠷᠭᠡᠨ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠰᠡᠷᠭᠡᠶᠢᠯᠡᠵᠦ ᠭᠠᠯ ᠤᠨᠲᠠᠷᠠᠭᠠᠬᠤ ᠶᠢᠨ ᠴᠢᠬᠤᠯᠠ ᠴᠢᠨᠠᠷ ᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢᠨ ᠯᠤᠲᠤ ᠶᠡᠭᠡ ᠬᠤᠤᠷ ᠬᠥᠨᠥᠭᠡᠯ ᠢ ᠲᠣᠳᠣᠷᠬᠠᠶ ᠮᠡᠳᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠣᠯᠠᠨ ᠲᠦᠮᠡᠨ ᠤ ᠭᠠᠯ ᠤᠨ ᠠᠶᠤᠯ ᠠᠴᠠ ᠰᠡᠷᠭᠡᠶᠢᠯᠡᠬᠦ ᠦᠵᠡᠯ ᠤᠬᠠᠮᠰᠠᠷ ᠪᠠ ᠬᠠᠤᠯᠢ ᠲᠦᠷᠢᠮ ᠤᠨ ᠦᠵᠡᠯᠲᠡ ᠶᠢ ᠦᠨᠡᠨᠬᠦ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠶ᠃      ᠲᠦᠷᠪᠡ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠬᠢᠨ ᠣᠳᠣᠬᠠᠨ ᠤ ᠬᠡᠯᠪᠡᠷᠢ ᠳᠤ ᠴᠢᠭᠯᠡᠭᠦᠯᠦᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠣᠯᠪᠠᠰᠤᠷᠠᠯ ᠢ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ᠂ ᠣᠶ ᠰᠢᠭᠤᠶ ᠡᠪᠡᠰᠦ ᠪᠡᠯᠴᠢᠭᠡᠷ᠂ ᠴᠠᠭ ᠠᠭᠤᠷ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠲᠤᠷᠠᠯᠴᠠᠵᠤ᠂ ᠮᠡᠳᠡᠭᠡ ᠵᠠᠩᠭᠢ ᠨᠡᠪᠲᠡᠷᠡᠯᠴᠡᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠤᠨ᠂ ᠭᠠᠯ ᠤᠨ ᠠᠶᠤᠯ ᠢ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠤ᠂ ᠭᠠᠯ ᠤᠨ ᠠᠶᠤᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠭᠦᠢᠴᠡᠳ ᠳᠣᠭᠢᠷᠠᠭᠤᠯᠤᠨ᠂ ᠭᠠᠯ ᠤᠨᠲᠠᠷᠠᠭᠠᠬᠤ ᠮᠠᠰᠢᠨ ᠪᠠᠭᠠᠵᠢ᠂ ᠲᠡᠷᠭᠡ ᠮᠠᠰᠢᠨ ᠢ ᠪᠠᠶᠢᠴᠠᠭᠠᠨ ᠵᠠᠰᠠᠵᠤ ᠠᠷᠠᠴᠢᠯᠠᠨ ᠬᠠᠮᠠᠭᠠᠯᠠᠬᠤ ᠪᠠ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠭᠠᠯ ᠤᠨ ᠪᠠᠶᠢᠳᠠᠯ ᠢ ᠡᠷᠲᠡ ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠪᠠᠶᠢᠳᠠᠯ ᠭᠠᠷᠤᠮᠠᠭᠴᠠ ᠲᠡᠷᠡ ᠳᠠᠷᠤᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠬᠡᠷᠡᠭᠲᠡᠶ ᠂ ᠮᠡᠳᠡᠭᠦᠯᠬᠦ ᠥᠬᠡᠶ ᠨᠢᠭᠤᠬᠤ᠂ ᠤᠳᠠᠭᠠᠰᠢᠷᠠᠭᠤᠯᠤᠨ ᠮᠡᠳᠡᠭᠦᠯᠬᠦ ᠪᠠ ᠣᠷᠬᠢᠭᠳᠠᠭᠤᠯᠤᠨ ᠮᠡᠳᠡᠭᠦᠯᠬᠦ ᠵᠡᠷᠭᠡ ᠦᠵᠡᠭᠳᠡᠯ ᠭᠠᠷᠴᠤ ᠪᠣᠯᠬᠤ ᠥᠬᠡᠶ᠃ ᠭᠠᠯ ᠤᠨᠲᠠᠷᠠᠭᠠᠵᠤ ᠠᠪᠤᠷᠠᠬᠤ ᠶᠠᠪᠤᠴᠠ ᠳᠤ ᠬᠥᠮᠦᠰ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠬᠥᠮᠦᠨ ᠦᠬᠦᠵᠦ ᠰᠢᠷᠬᠠᠲᠤᠭᠰᠠᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠪᠠᠶᠢᠳᠠᠯ ᠢ ᠣᠯᠵᠤ ᠮᠡᠳᠡᠪᠡᠯ᠂ ᠳᠠᠷᠦ᠋ᠢᠬᠠᠨ ᠲᠦᠭᠰᠢᠭᠦᠷᠢ ᠮᠡᠳᠡᠭᠦᠯᠬᠦ 12119 ᠤᠲᠠᠰᠤ ᠶᠢ ᠤᠲᠠᠰᠤᠳᠠᠬᠤ ᠬᠡᠷᠡᠭᠲᠡᠶ      ᠡᠭᠦᠨ ᠤ ᠳᠤᠯᠠ ᠵᠠᠷᠯᠢᠭ ᠪᠠᠭᠤᠯᠭᠠᠪᠠ᠃      ᠠᠯᠠᠱᠠ ᠪᠠᠷᠠᠭᠤᠨ ᠬᠤᠰᠢᠭᠤᠨ ᠤ ᠣᠢ ᠰᠢᠭᠤᠢ ᠶᠢᠨ ᠳᠠᠷᠤᠭ᠎ᠠ᠄ ᠯᠢᠦ ᠴᠥᠩ ᠰᠢᠶᠤᠤ                                                       ᠵᠢᠶᠠᠩ ᠪᠢᠩ ᠵᠢᠶᠧ                    2022 ᠣᠨ ᠤ 4 ᠰᠠᠷ᠎ᠠ ᠶᠢᠨ 8 ᠤ ᠡᠳᠦᠷ
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号