ᠠᠯᠠᠱᠠ ᠪᠠᠷᠠᠭᠤᠨ ᠬᠤᠰᠢᠭᠤᠨ ᠤ 2 ᠳ᠋ᠤᠭᠠᠷ ᠲᠣᠭᠠᠲᠤ ᠣᠶ ᠰᠢᠭᠤᠶ ᠶᠢᠨ ᠳᠠᠷᠤᠭ᠎ᠠ ᠶᠢᠨ ᠵᠠᠷᠯᠢᠭ ᠠᠯᠠᠱᠠ ᠪᠠᠷᠠᠭᠤᠨ ᠬᠤᠰᠢᠭᠤᠨ ᠤ ᠬᠢᠯᠢ ᠳᠣᠲᠣᠷ᠎ᠠ ᠬᠡᠭᠡᠷ᠎ᠡ ᠶᠢᠨ ᠬᠢᠯᠢᠨᠴᠡᠲᠦ ᠬᠤᠷᠣᠬᠠᠶ ᠪᠠᠷᠢᠬᠤ᠂ ᠦᠰᠦᠯᠢᠭ ᠡᠪᠡᠰᠦ ᠲᠡᠬᠦᠬᠦ ᠶᠢ ᠴᠠᠭᠠᠵᠠᠯᠠᠬᠤ ᠵᠡᠷᠭᠡ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠶ ᠵᠠᠷᠯᠢᠭ
ᠨᠡᠶᠢᠲᠡᠯᠡᠭᠰᠡᠨ ᠴᠠᠭ᠄
2022/4/25
     ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠡᠯ᠎ᠡ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠪᠦᠷᠢᠯᠳᠦᠬᠦᠨ ᠨᠢᠭᠡᠴᠡ ᠳᠤ᠄      ᠣᠶᠢᠷ᠎ᠠ ᠶᠢᠨ ᠵᠢᠯ ᠤᠳ ᠲᠤ᠂ ᠠᠵᠤ ᠠᠬᠤᠶ ᠶᠢᠨ ᠠᠰᠢᠭ ᠲᠤᠰᠠ ᠶᠢᠨ ᠬᠥᠳᠡᠯᠭᠡᠭᠦᠷ ᠠᠴᠠ ᠪᠣᠯᠵᠣ᠂ ᠵᠢᠯ ᠪᠦᠷᠢ ᠶᠡᠭᠡ ᠬᠡᠮᠵᠢᠶᠡᠨ ᠤ ᠡᠷᠬᠢᠨ ᠲᠣᠭᠤᠷᠢᠨ ᠤ ᠮᠤᠵᠢ ᠶᠢᠨ ᠭᠠᠳᠠᠨᠠᠬᠢ ᠬᠠᠤᠯᠢ ᠪᠤᠰᠤ ᠡᠲᠡᠭᠡᠳ ᠠᠯᠠᠱᠠ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠳᠡᠭᠡᠷ᠎ᠡ ᠬᠡᠭᠡᠷ᠎ᠡ ᠶᠢᠨ ᠬᠢᠯᠢᠨᠴᠡᠲᠦ ᠬᠤᠷᠣᠬᠠᠶ ᠪᠠᠷᠢᠬᠤ᠂ ᠦᠰᠦᠯᠢᠭ ᠡᠪᠡᠰᠦ ᠲᠡᠬᠦᠬᠦ ᠵᠡᠷᠭᠡ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠶᠡᠭᠡ ᠪᠠᠷ ᠬᠢᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠ ᠠᠮᠢ ᠠᠬᠤᠶ ᠶᠢᠨ ᠲᠡᠩᠴᠡᠭᠦᠷᠢ ᠶᠢ ᠬᠦᠨᠳᠦ ᠨᠣᠴᠢᠲᠠᠶ ᠡᠪᠳᠡᠵᠦ᠂ ᠮᠠᠯᠴᠢᠨ ᠲᠠᠷᠢᠶᠠᠴᠢᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠢᠭᠤᠳ ᠨᠥᠯᠥᠭᠡᠯᠡᠨ᠂ ᠮᠠᠯᠴᠢᠨ ᠲᠠᠷᠢᠶᠠᠴᠢᠨ ᠢ ᠲᠦᠢᠯ ᠤᠨ ᠶᠡᠭᠡ ᠪᠠᠷ ᠳᠤᠷ᠎ᠠ ᠦᠭᠡᠶᠢᠴᠡᠭᠦᠯᠵᠦ ᠪᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠡᠭᠡᠷ᠎ᠡ ᠶᠢᠨ ᠬᠢᠯᠢᠨᠴᠡᠲᠦ ᠬᠤᠷᠣᠬᠠᠶ ᠶᠢ ᠬᠠᠤᠯᠢ ᠪᠤᠰᠤ ᠪᠠᠷ ᠪᠠᠷᠢᠬᠤ ᠠᠵᠢᠯᠯᠠᠭ᠎ᠠ ᠶᠢ ᠬᠤᠷᠢᠭᠯᠠᠬᠤ ᠶᠢᠨ ᠲᠥᠯᠥᠭᠡ᠂ 2021 ᠣᠨ ᠤ 11 ᠳ᠋ᠤᠭᠡᠷ ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠰᠢᠨ᠎ᠡ ᠪᠠᠷ ᠳᠣᠭᠢᠷᠠᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠢ ᠭᠠᠵᠠᠷ ᠤᠨ ᠬᠡᠬᠡᠷ᠎ᠡ ᠶᠢᠨ ᠠᠮᠢᠳᠠᠨ ᠢ ᠭᠤᠤᠯᠳᠠᠯᠭ᠎ᠠ ᠲᠠᠢ ᠬᠠᠮᠠᠭᠠᠯᠠᠬᠤ ᠨᠡᠷᠡᠰ ᠤᠨ ᠵᠢᠭᠰᠠᠭᠠᠯᠲᠠ︾᠂ ᠠᠯᠠᠱᠠ ᠶᠢᠨ ᠲᠣᠰ ᠭᠠᠵᠠᠷ ᠤᠨ ᠮᠣᠩᠭᠤᠯ ᠬᠢᠯᠢᠨᠴᠡᠲᠦ ᠬᠤᠷᠣᠬᠠᠶ ᠶᠢ ᠨᠢᠭᠡᠨᠲᠡ ︽ᠨᠡᠷᠡᠰ ᠤᠨ ᠵᠢᠭᠰᠠᠭᠠᠯᠲᠠ︾ ᠳᠤ ᠣᠷᠣᠭᠤᠯᠤᠭᠰᠠᠨ ᠪᠠᠶᠢᠨ᠎ᠠ᠂ ᠡᠨᠡ ᠨᠢ ᠬᠤᠶᠢᠰᠢᠳᠠ ᠬᠡᠭᠡᠷ᠎ᠡ ᠶᠢᠨ ᠬᠢᠯᠢᠨᠴᠡᠲᠦ ᠬᠤᠷᠣᠬᠠᠶ ᠪᠠᠷᠢᠬᠤ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠦᠴᠦᠲᠡᠶ ᠬᠠᠤᠯᠢ ᠴᠠᠭᠠᠵᠠ ᠶᠢᠨ ᠦᠨᠳᠦᠰᠦ ᠪᠠᠷᠢᠮᠲᠠ ᠬᠠᠩᠭᠠᠬᠤ ᠶᠢᠨ ᠬᠠᠮᠲᠤ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠬᠤ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠷᠬᠡᠭ ᠶᠡᠭᠡ ᠰᠦᠷᠳᠡᠭᠦᠯᠬᠦ ᠦᠢᠯᠡᠳᠦᠯ ᠦᠵᠡᠭᠦᠯᠬᠦ ᠪᠣᠯᠤᠨ᠎ᠠ᠃      ᠣᠲᠣ ᠨᠢᠭᠡᠨᠲᠡ ᠤᠯᠠᠷᠢᠯ ᠤᠨ ᠴᠢᠨᠠᠷᠲᠠᠶ ᠬᠡᠭᠡᠷ᠎ᠡ ᠶᠢᠨ ᠬᠢᠯᠢᠨᠴᠡᠲᠦ ᠬᠤᠷᠣᠬᠠᠶ ᠪᠠᠷᠢᠬᠤ᠂ ᠦᠰᠦᠯᠢᠭ ᠡᠪᠡᠰᠦ ᠲᠡᠬᠦᠬᠦ ᠬᠤᠭᠤᠴᠠᠭᠠᠨ ᠳᠤ ᠣᠷᠣᠭᠠᠳ ᠪᠠᠶᠢᠨ᠎ᠠ᠂ ᠡᠯ᠎ᠡ ᠭᠠᠵᠠᠷ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠳᠣᠤᠷᠠᠬᠢ ᠱᠠᠭᠠᠷᠳᠠᠯᠭ᠎ᠠ ᠶᠢ ᠳᠤᠷᠠᠳᠴᠤ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠭᠠᠷᠠᠶ᠃      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠪᠠᠷᠢᠮᠲᠠᠯᠠᠬᠤ ᠬᠡᠷᠡᠭᠲᠡᠶ      ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠦᠳᠡᠭᠡ ᠲᠤᠰᠬᠤᠨ ᠤ ᠬᠠᠤᠯᠢ ᠬᠡᠷᠡᠭᠵᠢᠬᠦᠯᠬᠦ ᠶᠡᠭᠡ ᠠᠩᠭᠢ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ ᠪᠠᠳᠠᠢ ᠶᠢᠨ ᠵᠢᠷᠠᠨ ᠪᠠᠯᠭᠠᠰᠤᠨ ᠤ ᠭᠠᠵᠠᠷ ᠣᠷᠣᠨ ᠳᠤ ᠡᠭᠦᠰᠦᠭᠰᠡᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠥᠳᠡᠭᠡ ᠲᠣᠰᠬᠤᠨ ᠤ ᠬᠠᠤᠯᠢ ᠬᠡᠷᠡᠭᠵᠢᠬᠦᠯᠬᠦ ᠶᠡᠭᠡ ᠠᠩᠭᠢ ᠳᠤ ᠨᠠᠶᠢᠳᠠᠵᠤ ᠬᠠᠤᠯᠢ ᠬᠡᠷᠡᠭᠵᠢᠬᠦᠯᠵᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠮᠵᠢᠯᠴᠠᠨ᠎ᠠ︔ ᠪᠤᠰᠤᠳ ᠰᠤᠮᠤ ᠪᠠᠯᠭᠠᠰᠤ ᠶᠢᠨ ᠬᠠᠷᠢᠶ᠎ᠠ ᠲᠣᠭᠤᠷᠢᠭ ᠲᠤ ᠡᠭᠦᠰᠦᠭᠰᠡᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳᠤ ︽ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ︾ ᠢ ᠪᠠᠷᠢᠮᠲᠠᠯᠠᠨ᠂ ᠪᠠᠶᠢᠭ᠎ᠠ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠠᠮᠤᠭ ᠤᠨ ᠲᠡᠷᠢᠭᠦᠨ ᠳᠤ ᠬᠠᠤᠯᠢ ᠬᠡᠷᠡᠭᠵᠢᠭᠦᠯᠵᠦ᠂ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠬᠠᠮᠵᠢᠯᠴᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣᠬᠢ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠪᠦᠲᠦᠭᠡᠭᠳᠡᠬᠦᠨ ᠤ ᠬᠠᠤᠯᠢ ᠪᠤᠰᠤ ᠪᠠᠷ ᠠᠷᠠᠯᠵᠢᠶᠠᠯᠠᠬᠤ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃      ᠬᠤᠶᠠᠷ᠂ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠤᠷᠢᠨ ᠬᠠᠮᠠᠭᠠᠯᠠᠵᠤ ᠵᠢᠵᠢᠭᠦᠷᠯᠡᠨ ᠰᠠᠬᠢᠬᠤ ᠶᠢ ᠪᠠᠷᠢᠮᠲᠠᠯᠠᠬᠤ ᠬᠡᠷᠡᠭᠲᠡᠶ      ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠦᠳᠡᠭᠡ ᠲᠤᠰᠬᠤᠨ ᠤ ᠬᠠᠤᠯᠢ ᠬᠡᠷᠡᠭᠵᠢᠬᠦᠯᠬᠦ ᠶᠡᠭᠡ ᠠᠩᠭᠢ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ᠂ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ᠂ ᠴᠤᠭᠯᠠᠭᠤᠯᠬᠤ᠂ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ᠂ ᠬᠤᠳᠠᠯᠳᠤᠬᠤ᠂ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠡᠵᠡᠩᠨᠡᠨ ᠠᠰᠢᠭᠯᠠᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠣᠯᠠᠨ ᠭᠤᠭᠴᠤᠭ᠎ᠠ᠂ ᠪᠥᠬᠦ ᠬᠡᠯᠬᠢᠶ᠎ᠡ ᠳᠤ ᠥᠯᠥ ᠣᠨᠣᠭᠳᠠᠬᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ ᠬᠡᠭᠡᠷ᠎ᠡ ᠶᠢᠨ ᠲᠣᠭᠤᠷᠢᠨ ᠬᠠᠮᠠᠭᠠᠯᠠᠬᠤ ᠵᠢᠵᠢᠭᠦᠷᠯᠡᠨ ᠰᠠᠬᠢᠬᠤ ᠠᠵᠢᠯ ᠢ ᠪᠠᠷᠢᠮᠲᠠᠯᠠᠵᠤ᠂ ᠲᠣᠭᠤᠷᠢᠨ ᠬᠠᠮᠠᠭᠠᠯᠠᠬᠤ ᠭᠤᠣᠯ ᠴᠣᠭᠴᠠ ᠪᠣᠯᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠬᠤᠣᠷᠲᠤ ᠥᠭᠶᠥᠭᠡ ᠶᠢ ᠠᠷᠢᠯᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠠᠮᠢᠳᠠᠨ ᠤᠷᠭᠤᠮᠠᠯ ᠢ ᠬᠠᠤᠯᠢ ᠪᠤᠰᠤ ᠪᠠᠷ ᠠᠩᠨᠠᠬᠤ᠂ ᠲᠡᠭᠦᠵᠦ ᠴᠤᠭᠯᠠᠭᠤᠯᠬᠤ ᠠᠵᠢᠯᠯᠠᠭ᠎ᠠ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃      ᠭᠤᠷᠪᠠ᠂ ᠤᠬᠠᠭᠤᠯᠭ᠎ᠠ ᠪᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ      ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠦᠳᠡᠭᠡ ᠲᠤᠰᠬᠤᠨ ᠤ ᠬᠠᠤᠯᠢ ᠬᠡᠷᠡᠭᠵᠢᠬᠦᠯᠬᠦ ᠶᠡᠭᠡ ᠠᠩᠭᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠡᠳᠦᠷ︾᠂ ︽ᠰᠢᠪᠠᠭᠤ ᠪᠠᠨ ᠬᠠᠶᠢᠷᠠᠯᠠᠬᠤ ᠭᠠᠷᠠᠭ︾ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠵᠤ᠂ ᠵᠠᠬ᠎ᠠ ᠳᠡᠯᠭᠡᠭᠦᠷ ︵ᠴᠤᠭᠯᠠᠭ᠎ᠠ ᠮᠠᠶᠢᠮᠠᠶ︶᠂ ᠨᠡᠶᠢᠭᠡᠮ ᠲᠣᠭᠤᠷᠢᠭ ︵ᠮᠠᠯᠵᠢᠬᠤ ᠲᠠᠷᠢᠶᠠᠯᠠᠬᠤ ᠣᠷᠣᠨ︶ ᠲᠤ᠂ ᠮᠠᠯᠵᠢᠬᠤ ᠲᠠᠷᠢᠶᠠᠯᠠᠬᠤ ᠣᠷᠣᠨ ᠤ ᠬᠡᠷ ᠪᠦᠯᠢ ᠶᠢᠨ ᠵᠢᠭᠤᠯᠴᠢᠯᠠᠯ᠂ ᠰᠤᠷᠭᠠᠭᠤᠯᠢ ᠵᠡᠷᠭᠡ ᠴᠢᠬᠤᠯᠠ ᠲᠠᠯᠠᠪᠤᠷ ᠲᠤ ᠣᠷᠣᠵᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠤᠬᠠᠭᠤᠯᠵᠤ ᠬᠠᠤᠯᠢ ᠲᠦᠭᠡᠮᠡᠯᠵᠢᠭᠦᠯᠬᠦ ᠪᠠ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠣᠯᠠᠨ ᠨᠡᠶᠢᠲᠡ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠲᠤᠪᠠᠷ ᠠᠩᠬᠠᠷᠴᠤ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠲᠡᠢ᠃      ᠡᠭᠦᠨ ᠤ ᠳᠤᠯᠠ ᠵᠠᠷᠯᠢᠭ ᠪᠠᠭᠤᠯᠭᠠᠪᠠ᠃      ᠠᠯᠠᠱᠠ ᠪᠠᠷᠠᠭᠤᠨ ᠬᠤᠰᠢᠭᠤᠨ ᠤ ᠣᠶ ᠰᠢᠭᠤᠶ ᠶᠢᠨ ᠳᠠᠷᠤᠭ᠎ᠠ᠄ ᠯᠢᠦ ᠴᠥᠩ ᠰᠢᠶᠤᠤ                                                       ᠵᠢᠶᠠᠩ ᠪᠢᠩ ᠵᠢᠶᠧ                    2022 ᠣᠨ ᠤ 4 ᠰᠠᠷ᠎ᠠ ᠶᠢᠨ 8 ᠤ ᠡᠳᠦᠷ
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号