ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠪᠥᠬᠦ ᠬᠤᠰᠢᠭᠤᠨ ᠤ 7 | ᠰᠤᠮᠤ ᠪᠠᠯᠭᠠᠰᠤᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ︽ᠭᠤᠷᠪᠠᠨ ᠲᠥᠪ︾ | ᠢ ᠪᠠᠶᠢᠭᠤᠯᠬᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ | ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ | ᠬᠢᠪᠠ᠃ | | | | | ᠯᠢᠦ ᠴᠥᠩ ᠰᠢᠶᠤᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠠ | | | | | ᠯᠢᠦ ᠴᠥᠩ ᠰᠢᠶᠤᠤ ᠬᠠᠷ᠎ᠠ ᠠᠵᠢᠨᠠᠶ ᠬᠦᠯᠦᠭ ᠮᠠᠯ ᠠᠵᠤ ᠠᠬᠤᠢ ᠲᠡᠵᠢᠭᠡᠨ ᠦᠷᠡᠵᠢᠭᠦᠯᠬᠦ ᠮᠠᠯᠴᠢᠨ | ᠲᠠᠷᠢᠶᠠᠴᠢᠨ ᠤ ᠬᠤᠷᠰᠢᠶᠠᠵᠢᠯ ᠳᠤ ᠪᠠᠶᠢᠴᠠᠭᠠᠨ ᠰᠤᠳᠤᠯᠤᠯᠲᠠ ᠬᠢᠪᠡ | | | | | ᠯᠢᠦ ᠴᠥᠩ ᠰᠢᠶᠤᠤ ᠠᠯᠳᠠᠨᠴᠤᠭ ᠰᠤᠮᠤ ᠶᠢᠨ ᠬᠦᠬᠡᠨᠭᠤᠯᠠ ᠭᠠᠴᠠᠭᠠᠨ ᠤ ᠡᠪᠡᠰᠦ ᠪᠣᠷᠳᠤᠭ᠎ᠠ ᠶᠢ | ᠬᠠᠳᠠᠭᠠᠯᠠᠬᠤ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠪ ᠤᠨ ᠠᠬᠢᠴᠠ ᠶᠢ | ᠪᠠᠶᠢᠴᠠᠭᠠᠨ ᠰᠤᠳᠤᠯᠪᠠ | | | | | ᠯᠢᠦ ᠴᠥᠩ ᠰᠢᠶᠤᠤ ᠪᠠᠶᠠᠨᠬᠠᠩᠭᠠᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠳᠤ ᠪᠠᠶᠢᠴᠠᠭᠠᠨ | ᠰᠤᠳᠤᠯᠤᠯᠲᠠ ᠬᠢᠪᠡ | ᠯᠢᠦ ᠴᠥᠩ ᠰᠢᠶᠤᠤ ᠵᠢᠭᠠᠵᠤ ᠭᠠᠷᠭᠠᠭᠰᠠᠨ ᠨᠢ᠂ ᠠᠵᠤ ᠦᠢᠯᠡᠰ ᠪᠣᠯ ᠨᠢᠭᠡ ᠭᠠᠵᠠᠷ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠡᠯ᠎ᠡ ᠰᠤᠮᠤ ᠪᠠᠯᠭᠠᠰᠤ ᠨᠢ ︽ᠭᠤᠷᠪᠠᠨ | ᠲᠥᠪ︾ ᠢ ᠪᠠᠶᠢᠭᠤᠯᠬᠤ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠲᠣᠰ ᠰᠤᠮᠤ ᠪᠠᠯᠭᠠᠰᠤ ᠶᠢᠨ ᠢᠶᠠᠨ | ᠪᠠᠶᠢᠭᠠᠯᠢ ᠶᠢᠨ ᠨᠥᠬᠦᠴᠡᠯ᠂ ᠠᠵᠤ ᠦᠢᠯᠡᠰ ᠤᠨ ᠰᠠᠭᠤᠷᠢᠨ ᠳᠤ ᠰᠠᠭᠤᠷᠢᠯᠠᠵᠤ᠂ ᠠᠵᠤ ᠦᠢᠯᠡᠳᠪᠦᠷᠢ ᠳᠤ | ᠳᠣᠭᠢᠷᠠᠪᠠᠯ ᠠᠵᠤ ᠦᠢᠯᠡᠳᠪᠦᠷᠢ ᠳᠤ ᠲᠤᠬᠢᠷᠠᠭᠤᠯᠵᠤ᠂ ᠲᠠᠷᠢᠶᠠᠯᠠᠬᠤ ᠳᠤ ᠳᠣᠭᠢᠷᠠᠪᠠᠯ ᠲᠠᠷᠢᠶᠠᠯᠠᠩ ᠳᠤ ᠲᠤᠬᠢᠷᠠᠭᠤᠯᠵᠤ | ᠂ ᠮᠠᠯᠵᠢᠬᠤ ᠳᠤ ᠳᠣᠭᠢᠷᠠᠪᠠᠯ ᠮᠠᠯ ᠠᠵᠤ ᠠᠬᠤᠶ ᠳᠤ ᠲᠤᠬᠢᠷᠠᠭᠤᠯᠵᠤ᠂ ᠵᠤᠭᠠᠴᠠᠬᠤ ᠳᠤ ᠳᠣᠭᠢᠷᠠᠪᠠᠯ ᠵᠤᠭᠠᠴᠠᠬᠤ ᠳᠤ | ᠲᠤᠬᠢᠷᠠᠭᠤᠯᠤᠨ᠎ᠠ᠃ ᠲᠡᠮᠡᠭᠡᠨ ᠤ ᠠᠵᠤ ᠦᠢᠯᠡᠰ ᠤᠨ ᠲᠠᠯ᠎ᠠ ᠪᠠᠷ᠂ ᠢᠩᠭᠡᠨ ᠲᠡᠮᠡᠭᠡᠨ ᠤ ᠰᠦᠨ ᠤ ᠢᠷᠡᠯᠲᠡ ᠶᠢᠨ | ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠯᠲᠡ ᠶᠢᠨ ᠰᠢᠰᠲ᠋ᠧᠮ ᠪᠠ ᠪᠠᠷᠢᠮᠵᠢᠶᠠᠵᠢᠭᠰᠠᠨ ᠬᠢᠵᠢᠭ ᠪᠠᠶᠢᠴᠠᠭᠠᠨ | ᠬᠡᠮᠵᠢᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ ᠡᠪᠡᠰᠦ | ᠪᠣᠷᠳᠤᠭ᠎ᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠬᠦᠴᠦᠨ ᠢᠶᠠᠨ | ᠲᠥᠪᠯᠡᠷᠡᠭᠦᠯᠦᠨ ︽ᠢᠩᠭᠡᠨ ᠰᠠᠭᠠᠯᠢ ᠶᠢᠨ ᠠᠵᠤ ᠦᠢᠯᠡᠰ ᠤᠨ ᠲᠥᠪᠯᠡᠷᠡᠭᠦᠯᠵᠦ ᠲᠠᠷᠬᠠᠭᠠᠬᠤ ᠴᠢᠬᠤᠯᠠ ᠲᠥᠪ︾ ᠢ | ᠪᠠᠶᠢᠭᠤᠯᠬᠤ ᠬᠡᠷᠡᠭᠲᠡᠶ᠃ ᠪᠠᠶᠢᠭᠠᠯᠢ ᠶᠢᠨ ᠬᠤᠵᠢᠷ ᠤᠨ ᠠᠵᠤ ᠦᠢᠯᠡᠰ ᠤᠨ ᠲᠠᠯ᠎ᠠ ᠪᠠᠷ᠂ ᠬᠠᠲᠤᠨ ᠭᠤᠤᠯ ᠤᠨ ᠤᠰᠤ | ᠲᠠᠲᠠᠬᠤ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠠᠰ ᠲᠤᠨᠢ ᠵᠢᠭᠰᠠᠭᠠᠬᠤ ᠵᠡᠷᠭᠡ ᠠᠰᠠᠭᠤᠳᠠᠯ ᠢ | ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠪᠥᠸᠧ ᠶᠤᠸᠠᠨ | ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠰᠥᠪ ᠢ ᠡᠷᠲᠡᠬᠡᠨ ᠭᠠᠷᠤᠯᠲᠠ ᠳᠤ ᠬᠦᠷᠭᠡᠵᠦ ᠦᠷ᠎ᠡ ᠠᠰᠢᠭ ᠲᠤ | ᠬᠦᠷᠦᠭᠦᠯᠬᠦ ᠶᠢ ᠠᠬᠢᠭᠤᠯᠵᠤ᠂ ︽ᠪᠠᠶᠢᠭᠠᠯᠢ ᠶᠢᠨ ᠬᠤᠵᠢᠷ ᠢ ᠦᠢᠯᠡᠳᠪᠦᠷᠢᠯᠡᠵᠦ ᠡᠳ᠋ᠰᠢᠭᠦᠯᠬᠦ ᠪᠣᠷᠣᠯᠠᠭᠤᠯᠭ᠎ᠠ ᠶᠢᠨ | ᠴᠢᠬᠤᠯᠠ ᠲᠥᠪ︾ ᠢ ᠲᠦᠷᠭᠡᠨ ᠪᠠᠶᠢᠭᠤᠯᠬᠤ ᠬᠡᠷᠡᠭᠲᠡᠶ᠃ ᠰᠣᠶᠣᠯ ᠵᠤᠭᠠᠴᠠᠯ ᠤᠨ ᠦᠢᠯᠡᠰ ᠤᠨ ᠲᠠᠯ᠎ᠠ ᠪᠠᠷ᠂ | ᠪᠠᠳᠠᠢ ᠶᠢᠨ ᠵᠢᠷᠠᠨ ᠤ ᠡᠯᠡᠰᠦᠨ ᠤ ᠵᠤᠭᠠᠴᠠᠯ ᠢᠶᠠᠷ ᠭᠤᠣᠯ ᠪᠣᠯᠭᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠣᠣᠷᠠᠬᠢ ᠵᠤᠭᠠᠴᠠᠯ ᠤᠨ ᠬᠥᠭᠵᠢᠯᠲᠡ ᠶᠢᠨ ᠰᠢᠨ᠎ᠡ ᠰᠡᠳᠬᠢᠴᠡ᠂ ᠰᠢᠨ᠎ᠡ ᠵᠠᠭᠪᠤᠷ ᠢ ᠨᠠᠷᠢᠨ | ᠬᠢᠨᠠᠮᠠᠭᠠᠢ ᠰᠤᠳᠤᠯᠵᠤ᠂ ᠬᠦᠴᠦ ᠪᠠᠨ ᠬᠠᠮᠲᠤᠳᠬᠠᠨ ︽ᠴᠢᠬᠤᠯᠠ ᠪᠦᠬᠦᠢ ᠡᠯᠡᠰᠦᠨ ᠤ ᠵᠤᠭᠠᠴᠠᠯ ᠤᠨ ᠬᠠᠷᠠᠯᠲᠠᠲᠤ | ᠣᠷᠣᠨ ᠪᠣᠯᠤᠨ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠲᠥᠪ︾ ᠢ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ | ᠂ ᠥᠩᠭᠡ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠡᠶ᠎ᠡ ᠪᠠᠨ ᠳᠠᠭᠠᠭᠠᠨ ᠰᠢᠩᠭᠡᠭᠡᠬᠦ ᠪᠠ | ᠭᠠᠳᠠᠭᠰᠢ ᠬᠦᠷᠭᠡᠬᠦ ︽ᠬᠤᠶᠠᠷ ᠠᠵᠢᠯ︾ ᠢ ᠭᠦᠨᠵᠡᠭᠡᠶ ᠪᠥᠭᠡᠳ ᠪᠣᠳᠠᠲᠠᠶ ᠪᠠᠷ ᠰᠦᠪᠡᠭᠴᠢᠯᠡᠵᠦ᠂ 2030 | ᠣᠨ ᠠᠴᠠ ᠡᠮᠦᠨ᠎ᠡ ᠠᠯᠠᠱᠠ ᠪᠠᠷᠠᠭᠤᠨ ᠬᠤᠰᠢᠭᠤ ᠶᠢ ᠮᠢᠩᠭᠠᠨ ᠲᠦᠮᠡᠨ ᠺᠢᠯᠣᠸᠠᠲ ᠤᠨ ᠲᠠᠰ ᠤᠨ ᠳᠠᠬᠢᠨ ᠡᠭᠦᠰᠴᠦ | ᠪᠣᠯᠬᠤ ᠡᠨᠧᠷᠭᠢ ᠶᠢᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | | | | | ᠯᠢᠦ ᠴᠥᠩ ᠰᠢᠶᠤᠤ ᠬᠤᠪᠢᠯᠭᠠᠨ ᠲᠡᠮᠡᠭᠡ ᠰᠦᠨ ᠤ ᠦᠢᠯᠡᠰ ᠤᠨ ᠵᠢᠯ ᠳᠤ 18000 ᠲᠣᠨ ᠰᠢᠨ᠎ᠡ | ᠰᠦ ᠶᠢ ᠨᠠᠷᠢᠯᠢᠭ ᠰᠢᠢᠳᠪᠦᠷᠢᠯᠡᠵᠦ ᠡᠳ᠋ᠰᠢᠭᠦᠯᠬᠦ ᠲᠥᠰᠥᠪ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ | ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠪᠠ | | | | | ᠯᠢᠦ ᠴᠥᠩ ᠰᠢᠶᠤᠤ ᠥᠪᠥᠷ ᠮᠣᠩᠭᠤᠯ ᠤᠨ ᠬᠤᠸᠠ ᠳ᠋ᠢᠶᠠᠨ ᠰᠠᠯᠬᠢᠨ ᠡᠨᠧᠷᠭᠢ ᠶᠢᠨ ᠲᠥᠰᠥᠪ ᠤᠨ | ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠪᠠ | | | | | ᠯᠢᠦ ᠴᠥᠩ ᠰᠢᠶᠤᠤ ᠰᠢᠨ ᠬᠠᠶ ᠠᠭᠤᠷᠬᠠᠶ ᠶᠢᠨ ᠦᠢᠯᠡᠰ ᠲᠤ ᠪᠠᠶᠢᠴᠠᠭᠠᠨ ᠰᠤᠳᠤᠯᠤᠯᠲᠠ ᠬᠢᠪᠠ | ᠯᠢᠦ ᠴᠥᠩ ᠰᠢᠶᠤᠤ ᠴᠢᠬᠤᠯᠠᠴᠢᠯᠠᠭᠰᠠᠨ ᠨᠢ᠂ ᠲᠥᠰᠥᠪ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ᠨᠢᠭᠡ ᠪᠦᠯᠦᠭ ᠲᠤᠮᠤ ᠲᠥᠰᠥᠪ᠂ ᠰᠠᠶᠢᠨ ᠲᠥᠰᠥᠪ ᠢ | ᠲᠥᠰᠦᠪᠯᠡᠨ ᠨᠥᠭᠡᠴᠡᠯᠡᠵᠦ᠂ ᠪᠦᠳᠦᠭᠡᠨ ᠪᠠᠶᠢᠭᠤᠯᠵᠤ ᠪᠠᠶᠢᠭ᠎ᠠ ᠲᠥᠰᠥᠪ ᠢ ᠡᠷᠲᠡᠬᠡᠨ ᠠᠰᠢᠭᠯᠠᠯᠲᠠ ᠳᠤ ᠣᠷᠣᠭᠤᠯᠵᠤ | ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠶᠡᠬᠡᠪᠡᠷ ᠰᠢᠯᠢᠳᠡᠭᠵᠢᠭᠦᠯᠵᠦ᠂ ᠠᠵᠤ ᠠᠬᠤᠶᠢᠯᠠᠯ᠂ ᠬᠤᠷᠰᠢᠶᠠᠵᠢᠯ ᠵᠢᠴᠢ ᠮᠠᠯᠴᠢᠨ ᠲᠠᠷᠢᠶᠠᠴᠢᠨ ᠢ ᠬᠠᠪᠰᠤᠷᠤᠨ | ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ ᠴᠠᠭ ᠲᠤᠬᠠᠶ ᠳᠤᠨᠢ ᠰᠠᠶᠢᠲᠤᠷ | ᠰᠢᠢᠳᠪᠦᠷᠢᠯᠡᠵᠦ᠂ ᠤᠰᠤ᠂ ᠴᠠᠬᠢᠯᠭᠠᠨ᠂ ᠵᠠᠮ᠂ ᠮᠡᠳᠡᠭᠡ ᠵᠠᠩᠭᠢ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠥᠷᠢᠯᠡᠬᠦ ᠬᠡᠷᠡᠭᠲᠡᠶ᠃ | | | | | ᠯᠢᠦ ᠴᠥᠩ ᠰᠢᠶᠤᠤ ᠮᠠᠨᠳᠤᠯ ᠰᠤᠮᠤ ᠶᠢᠨ ᠱᠠᠯᠢᠨᠬᠤᠳᠳᠤᠭ ᠲᠤ ᠪᠠᠶᠢᠴᠠᠭᠠᠨ ᠰᠤᠳᠤᠯᠤᠯᠲᠠ ᠬᠢᠪᠠ | | | | | ᠯᠢᠦ ᠴᠥᠩ ᠰᠢᠶᠤᠤ ᠲᠠᠯ᠎ᠠ ᠶᠢᠨ ᠪᠠᠶᠢᠰᠢᠩ ᠤᠨ ᠬᠠᠯᠬᠠᠪᠴᠢ ᠭᠠᠵᠠᠷ ᠲᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ | | | | | ᠯᠢᠦ ᠴᠥᠩ ᠰᠢᠶᠤᠤ ᠬᠢᠯᠢ ᠬᠢᠵᠠᠭᠠᠷ ᠣᠷᠣᠨ ᠢ ᠰᠠᠬᠢᠨ ᠰᠠᠭᠤᠭ᠎ᠠ ᠴᠧᠨ ᠴᠦᠨ ᠯᠠᠶ ᠶᠢ ᠲᠣᠬᠤᠨᠢᠭᠤᠯᠪᠠ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠯᠢᠦ ᠴᠥᠩ ᠰᠢᠶᠤᠤ 7 ᠰᠤᠮᠤ ᠪᠠᠯᠭᠠᠰᠤ ᠶᠢᠨ ᠨᠠᠮ | ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠠᠢ ᠰᠢᠨ᠎ᠡ ᠨᠢᠭᠡ ᠬᠤᠭᠤᠴᠠᠭᠠᠨ ᠤ ᠰᠤᠮᠤ ᠪᠠᠯᠭᠠᠰᠤ ᠶᠢᠨ ᠨᠠᠮ | ᠵᠠᠰᠠᠭ ᠤᠨ ᠤᠳᠤᠷᠢᠳᠬᠤ ᠪᠠᠭ ᠤᠨ ᠠᠵᠢᠯᠯᠠᠭᠠᠨ ᠤ ᠪᠠᠶᠢᠳᠠᠯ ᠢ ᠶᠠᠷᠢᠯᠴᠠᠨ ᠰᠣᠯᠢᠯᠴᠠᠵᠤ᠂ ᠤᠯᠠᠨ ᠤ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃ ᠯᠢᠦ ᠴᠥᠩ ᠰᠢᠶᠤᠤ᠂ ᠡᠯ᠎ᠡ ᠰᠤᠮᠤ ᠪᠠᠯᠭᠠᠰᠤ ᠶᠢᠨ ᠠᠵᠤ | ᠦᠢᠯᠡᠰ ᠤᠨ ᠬᠥᠭᠵᠢᠯᠲᠡ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢ ᠣᠨᠣᠪᠴᠢᠲᠠᠢ ᠣᠯᠵᠤ᠂ ᠠᠵᠤ ᠦᠢᠯᠡᠰ ᠤᠨ ᠠᠭᠤᠰᠤᠯᠴᠠᠯ ᠤᠨ ᠠᠵᠢᠯ ᠢ ᠪᠣᠳᠠᠲᠠᠶᠢᠵᠢᠭᠤᠯᠵᠤ᠂ | ︽ᠲᠡᠵᠢᠭᠡᠬᠦ ᠶᠢᠨ ᠲᠥᠯᠥᠭᠡ ᠲᠠᠷᠢᠬᠤ︾ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ᠂ ᠤᠨᠠᠯᠲᠠ ᠶᠢ ᠲᠣᠭᠲᠠᠪᠤᠷᠢᠵᠢᠭᠤᠯᠤᠨ ᠮᠠᠯ ᠢ | ᠬᠠᠮᠠᠭᠠᠯᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠳᠤ ᠦᠵᠡᠭᠦᠯᠬᠦ ᠭᠠᠩ ᠬᠠᠭᠰᠠᠷᠠᠭᠠᠨ ᠤ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ | ᠬᠡᠷᠡᠭᠲᠡᠶ᠃ ᠬᠢᠯᠢ ᠬᠢᠵᠠᠭᠠᠷ ᠣᠷᠣᠨ ᠢᠶᠠᠨ ᠰᠠᠬᠢᠵᠤ ᠪᠠᠶᠢᠭ᠎ᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠢ | ᠬᠠᠯᠠᠮᠵᠢᠯᠠᠨ ᠠᠩᠬᠠᠷᠴᠤ᠂ ᠤᠰᠤ ᠤᠮᠳᠠ ᠶᠢᠨ ᠠᠮᠤᠷ ᠲᠦᠪᠰᠢᠨ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ | ᠲᠠᠯ᠎ᠠ ᠶᠢᠨ ᠬᠦᠴᠢᠷᠳᠡᠯ ᠢ ᠰᠠᠶᠢᠲᠤᠷ ᠰᠢᠢᠳᠪᠦᠷᠢᠯᠡᠵᠦ᠂ ᠭᠡᠷ ᠢᠶᠠᠨ ᠰᠠᠬᠢᠵᠤ ᠬᠤᠴᠣᠷᠤᠭᠰᠠᠨ ᠮᠠᠯᠴᠢᠨ ᠲᠠᠷᠢᠶᠠᠴᠢᠨ ᠢ | ᠰᠠᠨᠠᠭ᠎ᠠ ᠠᠮᠤᠷ ᠬᠢᠯᠢ ᠬᠢᠵᠠᠭᠠᠷ ᠣᠷᠣᠨ ᠢᠶᠠᠨ ᠰᠠᠬᠢᠬᠤ ᠪᠣᠯᠭᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠣᠶᠣᠯ ᠵᠤᠭᠠᠴᠠᠯ ᠤᠨ | ᠠᠭᠤᠰᠤᠯᠴᠠᠯ ᠢ ᠭᠦᠨᠵᠡᠭᠡᠶᠢᠷᠡᠭᠦᠯᠬᠦ ᠬᠡᠷᠡᠭᠲᠡᠢ᠃ ᠰᠤᠮᠤ ᠪᠠᠯᠭᠠᠰᠤ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ | ᠵᠢᠴᠢ ᠤᠳᠤᠷᠢᠳᠬᠤ ᠪᠠᠭ ᠤᠨ ᠪᠦᠷᠢᠯᠳᠦᠬᠦᠨ ᠨᠡᠷ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠤᠳᠤᠷᠢᠳᠬᠤ ᠪᠠᠭ ᠢᠶᠠᠨ ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠠᠵᠢᠯ ᠬᠢᠵᠦ ᠦᠢᠯᠡᠰ | ᠪᠤᠰᠬᠠᠬᠤ ᠲᠥᠪ ᠴᠢᠬᠡᠴᠢ ᠰᠤᠷᠲᠠᠯ ᠢᠶᠠᠷ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ | ᠬᠡᠷᠡᠭᠲᠡᠢ᠃ ᠵᠠᠯᠠᠭᠤ ᠺᠠᠳ᠋ᠷᠴᠤᠳ ᠢ ᠬᠥᠮᠦᠵᠢᠭᠦᠯᠦᠨ ᠪᠤᠶᠢᠵᠢᠭᠤᠯᠬᠤ ᠠᠵᠢᠯ ᠢ ᠴᠢᠩᠭᠠᠳᠬᠠᠵᠤ᠂ ᠵᠠᠯᠠᠭᠤ | ᠺᠠᠳ᠋ᠷᠴᠤᠳ ᠲᠤ ᠢᠯᠡᠭᠦᠬᠡᠨ ᠡᠭᠦᠷᠭᠡ ᠳᠠᠭᠠᠭᠠᠯᠭᠠᠬᠤ ᠬᠡᠷᠡᠭᠲᠡᠶ᠃ ᠵᠠᠯᠠᠭᠤ ᠺᠠᠳ᠋ᠷᠴᠤᠳ ᠯᠠᠪᠳᠠᠭᠤᠨ ᠲᠣᠭᠲᠠᠭᠤᠨ | ᠪᠠᠶᠢᠵᠤ᠂ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ | ᠪᠠᠶᠢᠵᠤ᠂ ᠦᠨᠳᠦᠰᠦᠨ ᠱᠠᠲᠤᠨ ᠤ ᠭᠠᠯ ᠬᠠᠯᠠᠭᠤᠨ ᠦᠢᠯᠡᠳᠦᠯᠭᠡ ᠳᠤᠮᠳᠠ ᠭᠠᠪᠢᠶ᠎ᠠ ᠪᠠᠶᠢᠭᠤᠯᠤᠨ ᠦᠢᠯᠡᠰ | ᠪᠦᠲᠦᠭᠡᠵᠦ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠬᠦ ᠬᠡᠷᠡᠭᠲᠡᠶ᠃ | | | | | ᠯᠢᠦ ᠴᠥᠩ ᠰᠢᠶᠤᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ | | | | | ᠯᠢᠦ ᠴᠥᠩ ᠰᠢᠶᠤᠤ ᠮᠠᠨᠳᠤᠯ ᠰᠤᠮᠤ ᠶᠢᠨ ᠱᠠᠯᠢᠨᠬᠤᠳᠳᠤᠭ ᠲᠤ ︽ᠳᠥᠷᠪᠡᠨ ᠲᠣᠰᠬᠤᠨ ᠢ ᠬᠠᠮᠲᠤᠷᠠᠨ | ᠪᠠᠶᠢᠭᠤᠯᠬᠤ︾ ᠭᠠᠴᠠᠭᠠᠨ ᠤ ᠠᠵᠢᠯᠯᠠᠭ᠎ᠠ ᠶᠢᠨ ᠲᠥᠪ ᠲᠤ ᠪᠠᠶᠢᠴᠠᠭᠠᠨ ᠰᠤᠳᠤᠯᠤᠯᠲᠠ ᠬᠢᠪᠠ | | | | | ᠯᠢᠦ ᠴᠥᠩ ᠰᠢᠶᠤᠤ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠸᠠᠩ | ᠬᠤᠩ ᠵᠢᠶ᠂ ᠬᠤᠰᠢᠭᠤᠨ ᠤ ᠳᠡᠳ᠋ ᠳᠠᠷᠤᠭ᠎ᠠ ᠠᠷᠢᠭᠤᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | |