10 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠠᠷᠢᠭᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠭᠤᠤᠯ ᠬᠠᠷᠢᠭᠤᠴᠠᠯᠭᠠᠲᠠᠨ ᠨᠤᠭᠤᠳ ᠵᠢᠴᠢ ᠬᠤᠯᠪᠣᠭᠳᠠᠯ | ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃ | ᠬᠤᠷᠠᠯ ᠠᠴᠠ᠂ ᠲᠤᠰ ᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠢᠲᠡᠭᠡᠯ ᠵᠣᠷᠢᠭ ᠢᠶᠠᠨ ᠪᠠᠲᠤᠳᠬᠠᠵᠤ᠂ ᠢᠳᠡᠪᠬᠢᠲᠡᠢ ᠪᠠᠷ ᠵᠣᠯᠭᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠡᠯᠡ ᠮᠥᠩᠭᠦ ᠶᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠴᠠᠭ ᠢ ᠠᠮᠵᠢᠨ᠂ ᠠᠬᠢᠴᠠ ᠶᠢ ᠠᠳᠬᠤᠵᠤ᠂ | ᠲᠠᠷᠢᠶᠠᠯᠠᠩ ᠮᠠᠯ ᠠᠵᠤ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠬᠦᠷᠢᠶᠡᠨ ᠤ ᠡᠯ᠎ᠡ ᠲᠦᠷᠦᠯ ᠵᠦᠢᠯ ᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠥᠭᠡᠴᠡᠯᠡᠬᠦ ᠲᠥᠷᠥᠯ ᠵᠦᠢᠯ ᠢ ᠴᠢᠨᠠᠷ ᠰᠠᠶᠢᠲᠠᠶ ᠲᠥᠯᠥᠪᠵᠢᠭᠦᠯᠵᠦ᠂ | ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠮᠥᠩᠭᠦ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ 1 | ᠲᠦᠮᠡᠨ ᠳ᠋ᠦᠩᠰᠢᠭᠤᠷ ᠤᠯᠤᠰ ᠤᠨ ᠵᠢᠭᠡᠯᠡᠯᠭᠡ ᠶᠢ ᠨᠡᠮᠡᠭᠳᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠪᠠᠯᠠ ᠣᠷᠣᠭᠤᠯᠤᠯᠲᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠰᠠᠭᠤᠷᠢ ᠲᠠᠯᠪᠢᠬᠤ᠂ ᠠᠯᠤᠰ ᠬᠡᠲᠦ ᠳᠤ | ᠠᠰᠢᠭᠲᠠᠶ᠂ ᠨᠥᠭᠡᠴᠡ ᠬᠦᠴᠦᠨ ᠢ ᠨᠡᠮᠡᠭᠳᠡᠭᠦᠯᠬᠦ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ | ᠨᠠᠷᠢᠨ ᠨᠢᠮᠪᠠᠶ ᠲᠥᠯᠥᠪᠵᠢᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠨ ᠪᠣᠳᠠᠲᠠᠢ | ᠠᠳᠬᠤᠵᠤ᠂ ᠲᠦᠷᠦᠯ ᠵᠦᠢᠯ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠤᠳᠠᠯ ᠦᠭᠡᠢ ᠡᠪᠦᠯ ᠤᠨ | ᠠᠮᠠᠷᠠᠯᠲᠠ ᠶᠢᠨ ᠬᠤᠭᠤᠴᠠᠭᠠᠨ ᠳᠤ ᠣᠷᠣᠬᠤ ᠭᠡᠵᠦ ᠪᠠᠶᠢᠨ᠎ᠠ᠂ ᠠᠬᠢᠴᠠ ᠶᠢ ᠪᠠᠲᠤᠯᠠᠬᠤ ᠶᠢᠨ ᠬᠠᠮᠲᠤ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ︽ᠭᠤᠷᠪᠠ ᠶᠢ ᠬᠠᠮᠢᠶᠠᠷᠴᠤ᠂ ᠭᠤᠷᠪᠠ ᠶᠢ | ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠤᠯᠠᠭᠠᠨ | ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠬᠦᠨᠳᠦ ᠶᠡᠭᠡ ᠣᠨᠴᠠ ᠶᠡᠭᠡ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ | | |