10 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠵᠢᠶᠠᠩ ᠪᠢᠩ ᠵᠢᠶᠧ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ 2023 ᠣᠨ ᠤ 11 ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠵᠢᠴᠢ ᠣᠶᠢᠷ᠎ᠠ ᠶᠢᠨ ᠬᠤᠭᠤᠴᠠᠭᠠᠨ ᠤ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠴᠢᠬᠤᠯᠠ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠥᠭᠦᠯᠡᠯᠲᠡ ᠪᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠭᠡᠰᠢᠭᠦᠨ ᠤ | ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠷᠤᠯᠴᠠᠵᠤ᠂ | ᠪᠠᠭ ᠤᠨ ᠪᠦᠷᠢᠯᠳᠦᠬᠦᠨ ᠲᠣᠰ ᠲᠣᠰ ︽ᠬᠥᠮᠦᠨ ᠰᠣᠩᠭᠤᠵᠤ ᠬᠥᠮᠦᠨ ᠬᠡᠷᠡᠭᠯᠡᠬᠦ ᠲᠥᠷᠥ ᠶᠢᠨ ᠪᠣᠳᠣᠯᠭ᠎ᠠ ᠬᠠᠤᠯᠢ | ᠳᠦᠷᠢᠮ︾᠂ ︽ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ︾ ᠲᠣᠭᠤᠷᠢᠨ ᠳᠤ ᠲᠤᠰᠬᠠᠶ | ᠰᠡᠳᠦᠪ ᠢᠶᠠᠷ ᠰᠤᠳᠤᠯᠤᠨ ᠶᠠᠷᠢᠯᠴᠠᠪᠠ᠃ | ᠵᠢᠶᠠᠩ ᠪᠢᠩ ᠵᠢᠶᠧ ᠡᠴᠡ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠠᠲᠤ ᠡᠵᠡᠮᠳᠡᠵᠦ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ | ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠵᠡᠷᠭᠡ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ | ᠨᠥᠭᠡᠴᠡᠯᠡᠵᠦ᠂ ᠡᠨᠡ ᠵᠢᠯ ᠤᠨ ᠰᠠᠶᠢᠨ ᠡᠬᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠰᠤᠷᠭᠠᠨ | ᠬᠥᠮᠦᠵᠢᠯ ᠡᠮ ᠡᠮᠨᠡᠯᠭᠡ᠂ ᠣᠷᠣᠨ ᠰᠠᠭᠤᠴᠠ ᠶᠢᠨ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠬᠡᠦᠬᠡᠳ | ᠬᠥᠮᠥᠵᠢᠭᠦᠯᠬᠦ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠨᠡᠩ ᠪᠣᠳᠠᠲᠠᠢ ᠶᠢ ᠡᠷᠬᠢᠮᠯᠡᠨ | ᠥᠨᠳᠥᠷ ᠪᠦᠲᠦᠮᠵᠢᠲᠡᠢ ᠰᠠᠶᠢᠲᠤᠷ ᠬᠢᠵᠦ᠂ ᠤᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠬᠦ ᠬᠡᠷᠡᠭᠲᠡᠢ᠃ ᠶᠡᠷᠦᠩᠬᠡᠶ ᠱᠦᠵᠢ ᠶᠢᠨ ᠬᠦᠰᠡᠯ ᠱᠠᠭᠠᠷᠳᠠᠯᠭ᠎ᠠ ᠲᠠᠢ ᠬᠠᠷᠭᠤᠭᠤᠯᠵᠤ᠂ ︽ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠭᠤᠤᠯ ᠰᠡᠳᠦᠪᠲᠦ | ᠬᠥᠮᠦᠵᠢᠯ ᠤᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠴᠡᠭᠴᠡᠯᠡᠨ | ᠰᠠᠶᠢᠵᠢᠷᠠᠭᠤᠯᠬᠤ ᠠᠰᠠᠭᠤᠳᠠᠯ ᠢ ᠠᠵᠢᠯ ᠤᠨ ᠰᠢᠪᠲᠤᠯᠤᠯᠲᠠ ᠶᠢᠨ ᠴᠡᠭ ᠪᠣᠯᠭᠠᠵᠤ᠂ ᠡᠯ᠎ᠡ ᠵᠦᠢᠯ ᠤᠨ ᠠᠵᠢᠯ ᠢ ︽ | ᠵᠢᠷᠤᠮᠵᠢᠭᠤᠯᠬᠤ᠂ ᠪᠠᠭᠠᠰᠬᠠᠬᠤ᠂ ᠲᠦᠷᠭᠡᠳᠬᠡᠬᠦ︾ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ | ᠪᠠᠷᠢᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠰᠠᠬᠢᠵᠤ᠂ ᠺᠠᠳ᠋ᠷ ᠲᠥᠪ ᠭᠤᠣᠯᠴᠢ᠂ ᠵᠠᠰᠠᠭ ᠤᠨ ᠣᠷᠳᠣᠨ | ᠠᠷᠢᠭᠤᠨ ᠴᠢᠬᠡᠴᠢ᠂ ᠤᠯᠤᠰ ᠲᠦᠷᠦ ᠭᠡᠭᠡᠨ ᠰᠠᠷᠠᠭᠤᠯ᠂ ᠨᠡᠶᠢᠭᠡᠮ ᠠᠷᠢᠭᠤᠨ ᠴᠢᠬᠡᠴᠢ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | |