ᠠᠯᠠᠱᠠ ᠪᠠᠷᠠᠭᠤᠨ ᠬᠤᠰᠢᠭᠤᠨ ᠤ ᠠᠶᠤᠯᠲᠠᠶ ᠬᠢᠮᠢ ᠶᠢᠨ ᠠᠵᠤ ᠠᠬᠤᠶᠢᠯᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/11/13
      10 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠺᠦᠢ ᠶᠢᠨ ᠶᠠᠪᠠᠷᠠᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠳᠤ ᠬᠦᠷᠴᠦ ᠭᠤᠤᠯᠳᠠᠯᠭ᠎ᠠ ᠲᠠᠢ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠴᠤ᠂ ᠠᠵᠤ ᠠᠬᠤᠶ ᠶᠢᠨ ᠠᠵᠢᠯᠯᠠᠭᠠᠨ ᠢ ᠲᠤᠬᠠᠶ ᠶᠢᠨ ᠭᠠᠵᠠᠷ ᠲᠤᠨᠢ ᠲᠣᠬᠢᠷᠠᠭᠤᠯᠪᠠ᠃ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠶᠠᠪᠠᠷᠠᠢ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠬᠤ ᠳᠤ ᠣᠷᠣᠯᠴᠠᠪᠠ᠃    ᠯᠢ ᠺᠦᠶ ᠨᠡᠷ ᠤᠷᠢᠳ ᠬᠤᠵᠢᠳ ᠯᠠᠨ ᠺᠧ ᠠᠮᠢᠳᠤ ᠪᠣᠳᠠᠰ᠂ ᠢᠦᠶ ᠴᠧᠨ ᠷᠦᠨ ᠡᠮ ᠡᠮᠨᠡᠯᠭᠡ᠂ ᠴᠢ ᠲᠠᠢ ᠬᠢᠮᠢ ᠵᠡᠷᠭᠡ 11 ᠠᠶᠤᠯᠲᠠᠶ ᠬᠢᠮᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠵᠦ᠂ ᠦᠢᠯᠡᠳᠪᠦᠷᠢᠯᠡᠯ ᠤᠨ ᠲᠠᠰᠤᠭ᠂ ᠦᠢᠯᠡᠳᠬᠦᠨ ᠤ ᠬᠥᠮᠥᠷᠭᠡ᠂ ᠬᠢᠨᠠᠨ ᠡᠵᠡᠮᠳᠡᠬᠦ ᠲᠠᠰᠤᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ᠂ ᠠᠵᠢᠯᠲᠠᠨ ᠤ ᠪᠠᠶᠢᠷᠢ ᠲᠣᠭᠲᠠᠭᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠵᠤ᠂ ᠲᠤᠬᠠᠶ ᠶᠢᠨ ᠲᠠᠯᠠᠪᠤᠷ ᠲᠤ ᠳᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠵᠠᠷᠯᠢᠭᠳᠠᠪᠠ᠃ ᠡᠭᠦᠨ ᠤ ᠬᠠᠮᠲᠤ᠂ ᠯᠢ ᠺᠦᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠢᠯᠡᠳᠪᠦᠷᠢᠯᠡᠯ ᠪᠣᠷᠣᠯᠠᠭᠤᠯᠭ᠎ᠠ᠂ ᠦᠢᠯᠡᠳᠬᠦᠨ ᠤ ᠵᠠᠬ᠎ᠠ ᠳᠡᠯᠭᠡᠭᠦᠷ᠂ ᠮᠡᠷᠭᠡᠵᠢᠯ ᠤᠨ ᠥᠭᠡᠷᠡᠴᠢᠯᠡᠯᠲᠡ ᠪᠣᠯᠤᠨ ᠪᠦᠬᠦ ᠵᠢᠯ ᠤᠨ ᠵᠢᠱᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠢ ᠶᠢᠨ ᠡᠷᠭᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠤᠨ ᠲᠤᠬᠢᠷᠠᠭᠤᠯᠪᠠ᠃    ᠯᠢ ᠺᠦᠢ ᠶᠢᠨ ᠡᠴᠡ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠡᠷᠭᠡᠵᠢᠯ ᠤᠨ ᠥᠭᠡᠷᠡᠴᠢᠯᠡᠯᠲᠡ᠂ ᠰᠠᠭᠤᠷᠢ ᠶᠢ ᠳᠡᠭᠡᠭᠰᠢᠯᠡᠭᠦᠯᠬᠦ᠂ ᠠᠵᠢᠯ ᠢ ᠵᠢᠷᠤᠮᠵᠢᠭᠤᠯᠬᠤ ᠵᠡᠷᠭᠡ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠪᠣᠯᠤᠨ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠬᠠᠮᠢᠶᠠᠷᠤᠨ ᠡᠵᠡᠮᠳᠡᠬᠦ ᠶᠢ ᠴᠢᠩᠭ᠎ᠠ ᠠᠳᠬᠤᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ ᠴᠠᠭ ᠤᠨ ᠪᠠᠶᠢᠳᠠᠯ ᠳᠤ ᠲᠣᠬᠢᠷᠠᠭᠤᠯᠤᠨ ᠲᠥᠯᠥᠪᠵᠢᠭᠦᠯᠦᠨ ᠪᠠᠶᠢᠷᠢᠰᠢᠭᠤᠯᠵᠤ᠂ ︽ᠠᠯᠤᠰ ᠬᠡᠲᠦ ᠶᠢᠨ ᠲᠠᠩᠰᠠ︾᠂ ︽ᠶᠡᠷᠦᠩᠬᠡᠶᠢᠯᠡᠭᠰᠡᠨ ᠲᠠᠩᠰᠠ︾ ᠶᠢ ᠰᠠᠶᠢᠲᠤᠷ ᠪᠤᠳᠤᠵᠤ᠂ ︽ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ︾ ᠶᠢᠨ ᠲᠣᠭᠤᠷᠢᠨ ᠳᠤ ᠦᠢᠯᠡᠳᠪᠦᠷᠢᠯᠡᠯ ᠤᠨ ᠠᠵᠢᠯᠯᠠᠭᠠᠨ᠂ ᠤᠷ᠎ᠠ ᠮᠡᠷᠭᠡᠵᠢᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠲᠣᠰ ᠪᠡᠶ᠎ᠡ ᠶᠢᠨ ᠲᠣᠭᠲᠠᠪᠤᠷᠢᠲᠤ ᠴᠢᠨᠠᠷ ᠢᠶᠠᠷ ᠵᠠᠬ᠎ᠠ ᠳᠡᠯᠭᠡᠭᠦᠷ ᠤᠨ ᠬᠡᠯᠪᠡᠯᠵᠡᠯ ᠢ ᠪᠦᠲᠦᠮᠵᠢᠲᠡᠶ ᠠᠷᠭᠠᠴᠠᠵᠤ᠂ ᠪᠥᠬᠦ ᠬᠦᠴᠦᠨ ᠢᠶᠠᠷ ᠢᠶᠠᠨ ᠭᠠᠷᠤᠯᠲᠠ ᠶᠢ ᠲᠣᠭᠲᠠᠪᠤᠷᠢᠵᠢᠭᠤᠯᠵᠤ ᠦᠷ᠎ᠡ ᠪᠦᠲᠦᠮᠵᠢ ᠶᠢ ᠲᠣᠭᠲᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃    ᠡᠨᠡ ᠬᠤᠭᠤᠴᠠᠭᠠᠨ ᠳᠤ᠂ ᠯᠢ ᠺᠦᠢ ᠶᠢᠨ ᠪᠠᠰᠠ ᠬᠡᠰᠡᠭ ᠭᠤᠣᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃     
 
ᠢᠷᠡᠯᠲᠡ᠄ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号