11 ᠰᠠᠷ᠎ᠠ ᠶᠢᠨ 10 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠠᠯᠠᠱᠠ ᠪᠠᠷᠠᠭᠤᠨ | ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠸᠠᠩ ᠳ᠋ᠦᠩ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠳ ᠬᠤᠷᠠᠯ ᠳᠤ ᠣᠷᠣᠯᠴᠠᠵᠤ᠂ ᠶᠠᠩ ᠯᠢ ᠶᠦᠨ ᠵᠡᠷᠭᠡ ᠬᠤᠰᠢᠭᠤ ᠭᠠᠵᠠᠷ ᠤᠨ ᠲᠠᠰ ᠤᠨ ᠤᠳᠤᠷᠢᠳᠤᠯᠭ᠎ᠠ | ᠵᠢᠴᠢ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠵᠢᠴᠢ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ | ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠠᠶᠢᠴᠠᠭᠠᠨ | ᠦᠵᠡᠵᠦ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ 2024 ᠣᠨ ᠤ ᠭᠤᠤᠯᠳᠠᠯᠭ᠎ᠠ ᠲᠠᠢ ᠠᠵᠢᠯ ᠢ ᠤᠷᠢᠳᠴᠢᠯᠠᠨ ᠲᠥᠯᠥᠪᠵᠢᠭᠦᠯᠵᠦ᠂ ᠡᠷᠬᠢᠨ | ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠯᠤᠰ ᠬᠡᠲᠦ ᠳᠤ ᠠᠰᠢᠭᠲᠠᠶ᠂ ᠬᠥᠭᠵᠢᠯᠲᠡ ᠶᠢ ᠠᠬᠢᠭᠤᠯᠬᠤ | ᠴᠢᠬᠤᠯᠠ ᠶᠡᠭᠡ ᠲᠥᠷᠥᠯ ᠵᠦᠢᠯ ᠢ ᠢᠳᠡᠪᠬᠢᠲᠡᠶ ᠲᠥᠯᠥᠪᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠣᠨᠴᠠᠯᠢᠭᠲᠤ | ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠲᠡᠮᠡᠭᠡᠨ ᠤ ᠠᠵᠤ ᠦᠢᠯᠡᠰ ᠤᠨ | ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠠᠯᠠᠱᠠ ᠶᠢᠨ ᠣᠲᠣ | ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠲᠡᠮᠡᠭᠡᠨ ᠤ ᠠᠵᠤ ᠦᠢᠯᠡᠰ ᠤᠨ | ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠶᠢ ᠠᠬᠢᠭᠤᠯᠬᠤ ᠪᠠᠷ ᠦᠨᠳᠦᠰᠦ ᠪᠣᠯᠭᠠᠵᠤ᠂ ᠦᠢᠯᠡᠳᠬᠦᠨ ᠤ ᠲᠦᠷᠦᠯ ᠬᠡᠯᠪᠡᠷᠢ ᠶᠢ | ᠪᠠᠶᠠᠯᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠤᠵᠢᠷ ᠤᠨ ᠠᠵᠤ ᠦᠢᠯᠡᠰ ᠤᠨ | ᠲᠤᠬᠠᠢ ᠶᠢᠨ ᠭᠠᠵᠠᠷ ᠲᠤᠨᠢ ᠰᠢᠯᠵᠢᠬᠦ ᠨᠤᠷᠮ᠎ᠠ ᠪᠣᠯᠤᠨ ᠦᠢᠯᠡᠳᠬᠦᠨ ᠤ ᠨᠡᠮᠡᠯᠲᠡ ᠦᠷᠳᠡᠭ ᠢ ᠬᠦᠴᠦᠯᠡᠨ | ᠳᠡᠭᠡᠭᠰᠢᠯᠡᠭᠦᠯᠬᠦ ᠬᠡᠷᠡᠭᠲᠡᠢ᠃ ︽ᠤᠷᠤᠯᠳᠤᠭᠠᠨ ᠤ ᠶᠠᠪᠤᠳᠠᠯ ᠤᠨ ᠵᠢᠭᠤᠯᠴᠢᠯᠠᠯ︾ ᠤᠨ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠢᠳᠡᠪᠬᠢᠲᠡᠶ ᠬᠠᠶᠢᠨ ᠰᠦᠪᠡᠭᠴᠢᠯᠡᠵᠦ᠂ ᠬᠡᠭᠡᠷᠡᠯᠡᠨ ᠠᠶᠠᠯᠠᠬᠤ ᠤᠷᠤᠯᠳᠤᠭᠠᠨ ᠤ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ︽ᠤᠷᠤᠯᠳᠤᠭᠠᠨ ᠤ ᠶᠠᠪᠤᠳᠠᠯ ᠤᠨ ᠵᠢᠵᠢᠭ ᠪᠠᠯᠭᠠᠰᠤ︾ ᠶᠢ ᠪᠣᠶ ᠪᠣᠯᠭᠠᠵᠤ᠂ | ᠪᠥᠬᠦ ᠣᠷᠣᠨ ᠪᠦᠰᠡ ᠪᠥᠬᠦ ᠤᠯᠠᠷᠢᠯ ᠪᠥᠬᠦ ᠠᠵᠢᠯ ᠲᠥᠷᠥᠯ ᠤᠨ ᠲᠣᠮᠣ ᠵᠢᠭᠤᠯᠴᠢᠯᠠᠯ ᠤᠨ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠵᠢᠯ ᠤᠨ ᠡᠬᠢᠨ ᠤ ᠥᠭᠡᠷᠡᠴᠢᠯᠡᠯᠲᠡ ᠶᠢᠨ ᠭᠤᠣᠯᠳᠠᠯᠭ᠎ᠠ ᠪᠠ | ᠡᠭᠦᠷᠭᠡ ᠶᠢᠨ ᠡᠬᠡ ᠲᠠᠩᠰᠠ ᠶᠢᠨ ᠣᠷᠬᠢᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠵᠦ᠂ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠬᠤ | ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠡᠯ᠎ᠡ ᠵᠦᠢᠯ ᠤᠨ ᠦᠢᠯᠡᠰ ᠤᠨ | ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |