11 ᠰᠠᠷ᠎ᠠ ᠶᠢᠨ 10 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠠᠯᠠᠱᠠ ᠪᠠᠷᠠᠭᠤᠨ | ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠬᠤᠰᠢᠭᠤᠨ ᠤ ᠨᠠᠮ ᠤᠨ ᠬᠤᠷᠢᠶᠠᠨ ᠤ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠲᠤᠬᠠᠶ | ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠰᠡᠭ | ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠰᠡᠳᠦᠪᠲᠦ ᠬᠥᠮᠦᠵᠢᠯ ᠢ | ᠰᠤᠷᠤᠯᠴᠠᠨ ᠲᠤᠭᠤᠰᠢᠯᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠶᠠᠩ ᠯᠢ ᠶᠦᠨ᠂ ᠸᠠᠩ ᠳ᠋ᠦᠩ ᠵᠡᠷᠭᠡ | ᠬᠤᠰᠢᠭᠤ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠭᠡᠰᠢᠭᠦᠨ | ᠤᠳᠤᠷᠢᠳᠬᠤ ᠺᠠᠳ᠋ᠷ ᠢᠯᠠᠩᠭᠤᠶ᠎ᠠ ᠬᠤᠰᠢᠭᠤ ᠱᠠᠲᠤᠨ ᠤ ᠤᠳᠤᠷᠢᠳᠤᠯᠭ᠎ᠠ ᠨᠠᠷ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠡᠯᠭᠡᠷᠡᠭᠦᠯᠵᠦ᠂ ᠪᠠᠶᠢᠴᠠᠭᠠᠨ | ᠰᠤᠳᠤᠯᠤᠯᠲᠠ ᠳᠤᠮᠳᠠᠬᠢ ᠵᠠᠷᠢᠮ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠳᠦᠷᠢᠮ ᠤᠨ | ᠦᠷ᠎ᠡ ᠪᠦᠲᠦᠭᠡᠯ ᠪᠣᠯᠭᠠᠵᠤ᠂ ᠴᠢᠬᠤᠯᠠ ᠪᠦᠬᠦᠢ ᠳᠦᠷᠢᠮ ᠲᠣᠭᠲᠠᠭᠠᠯ ᠢ ᠪᠦᠷᠢᠨ ᠪᠣᠯᠭᠠᠨ ᠲᠡᠭᠦᠯᠳᠡᠷᠵᠢᠭᠦᠯᠵᠦ᠂ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ︽ᠴᠠᠭᠠᠰᠤᠨ ᠳᠡᠭᠡᠷ᠎ᠡ︾ ᠪᠣᠯᠭᠠᠬᠤ ᠬᠡᠷᠡᠭᠲᠡᠶ᠃ ᠪᠠᠶᠢᠴᠠᠭᠠᠨ | ᠦᠵᠡᠵᠦ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠱᠠᠯᠠᠪᠳᠠᠭᠤᠯᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ | ᠠᠬᠢᠭᠤᠯᠬᠤ ᠶᠢ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠲᠤᠰᠤᠯᠲᠠ ᠪᠣᠯᠭᠠᠵᠤ᠂ ︽ᠭᠤᠷᠪᠠᠨ | ᠨᠢᠭᠡ ᠪᠦᠯᠦᠭ︾ ᠤᠨ ᠠᠵᠢᠯ ᠲᠠᠢ ᠤᠶᠠᠯᠳᠤᠭᠤᠯᠤᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠬᠤ ᠬᠡᠷᠡᠭᠲᠡᠶ᠃ ᠲᠤᠰᠬᠠᠶ ᠴᠡᠭᠴᠡᠯᠡᠨ ᠵᠠᠰᠠᠯᠲᠠ ᠶᠢ ᠠᠬᠢᠭᠤᠯᠵᠤ᠂ ︽ᠤᠳᠠᠭᠠᠨ ᠮᠥᠷᠲᠡᠭᠡᠨ ᠪᠦᠳᠦᠭᠦᠯᠢᠭ᠂ | ᠠᠯᠵᠠᠭᠤ ᠪᠥᠭᠡᠳ ᠵᠠᠯᠬᠠᠭᠤ ᠪᠠᠶᠢᠬᠤ᠂ ᠬᠤᠭᠤᠰᠣᠨ ᠭᠠᠵᠠᠷ ᠰᠤᠯᠠ ᠵᠠᠳᠠᠭᠠᠢ︾ ᠵᠡᠷᠭᠡ ᠦᠢᠯᠡ ᠠᠵᠢᠯᠯᠠᠭ᠎ᠠ᠂ | ᠲᠤᠷᠤᠢ ᠪᠠᠭᠤᠷᠠᠶ ᠰᠤᠯᠠ ᠵᠠᠳᠠᠭᠠᠶ ᠪᠠ ᠬᠤᠴᠣᠷᠤᠩᠭᠤᠶ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ | ᠠᠶᠤᠯᠭᠦᠢ ᠦᠢᠯᠡᠳᠪᠤᠷᠢᠯᠡᠯ ᠤᠨ ᠬᠦᠨᠳᠦ ᠶᠡᠭᠡ ᠳᠠᠯᠳᠠ ᠬᠡᠮ ᠵᠡᠷᠭᠡ ᠭᠤᠷᠪᠠᠨ ᠲᠠᠯ᠎ᠠ ᠳᠤ ᠴᠢᠭᠯᠡᠭᠦᠯᠦᠨ ᠲᠤᠰᠬᠠᠶ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠦᠷ᠎ᠡ | ᠪᠦᠲᠦᠮᠵᠢ ᠪᠠᠷ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ | | |