ᠵᠢᠶᠠᠩ ᠪᠢᠩ ᠵᠢᠶᠧ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠰᠢᠶᠧ ᠹᠠᠩ ᠷᠧᠨ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ | ᠬᠤᠰᠢᠭᠤᠨ ᠳᠠᠷᠤᠭ᠎ᠠ | ᠤᠳᠬᠠᠨᠴᠢᠮᠡᠭ᠄ ᠬᠤᠰᠢᠭᠤ ᠳᠡᠳ᠋ ᠳᠠᠷᠤᠭ᠎ᠠ | ᠼᠤᠤ ᠢᠦᠶ ᠹᠧᠶ᠄ ᠳᠡᠳ᠋ ᠬᠤᠰᠢᠭᠤᠨ ᠳᠠᠷᠤᠭ᠎ᠠ | ᠵᠠᠩ ᠪᠢᠨ᠄ ᠳᠡᠳ᠋ ᠬᠤᠰᠢᠭᠤᠨ ᠳᠠᠷᠤᠭ᠎ᠠ | ᠬᠤᠤ ᠱᠢ ᠸᠧᠶ᠄ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠠᠷᠢᠭᠤᠨ᠄ ᠳᠡᠳ᠋ ᠬᠤᠰᠢᠭᠤᠨ ᠳᠠᠷᠤᠭ᠎ᠠ | ᠰᠢᠤᠸᠠᠢ ᠢᠦᠶ᠄ ᠳᠡᠳ᠋ ᠬᠤᠰᠢᠭᠤᠨ ᠳᠠᠷᠤᠭ᠎ᠠ | 1 ᠰᠠᠷ᠎ᠠ ᠶᠢᠨ 9 ᠤ ᠡᠳᠦᠷ᠂ ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠵᠢᠴᠢ ᠵᠢᠯᠣᠭᠤᠳᠬᠤ ᠭᠠᠵᠠᠷ ᠤᠨ 150 ᠳ᠋ᠤᠭᠠᠷ ᠤᠳᠠᠭᠠᠨ ᠤ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠧ ᠹᠠᠩ ᠷᠧᠨ ᠠᠯᠠᠱᠠ ᠪᠠᠷᠠᠭᠤᠨ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠵᠢᠴᠢ ᠵᠢᠯᠣᠭᠤᠳᠬᠤ ᠭᠠᠵᠠᠷ ᠤᠨ | 150 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ᠂ ᠡᠮᠴᠢᠯᠡᠭᠡᠨ ᠤ ᠦᠢᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠬᠦ ᠪᠣᠳᠠᠲᠠᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠤᠳᠬᠠᠨᠴᠢᠮᠡᠭ ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠪᠤᠭᠤᠲᠤ ᠳᠤ ᠰᠦᠢᠳᠬᠡᠯ ᠬᠤᠷᠢᠶᠠᠬᠤ ᠥᠬᠡᠶ ᠪᠠᠷ | ᠲᠠᠷᠬᠠᠭᠠᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | | 1 ᠰᠠᠷ᠎ᠠ ᠶᠢᠨ 9 - 10 ᠤ ᠡᠳᠦᠷ᠂ ᠰᠢᠶᠧ ᠹᠠᠩ ᠷᠧᠨ ᠪᠦᠯᠬᠦᠮ ᠳᠠᠭᠠᠭᠤᠯᠤᠨ ᠪᠠᠳᠠᠢ ᠶᠢᠨ ᠵᠢᠷᠠᠨ | ᠪᠠᠯᠭᠠᠰᠤ᠂ ᠪᠠᠶᠠᠨᠭᠤᠣᠯ ᠰᠤᠮᠤᠨ ᠳᠤ ᠭᠦᠨᠵᠡᠭᠡᠶᠢᠷᠡᠵᠦ᠂ ᠤᠷᠢᠳ ᠬᠤᠵᠢᠳ ᠨᠡᠭᠦᠷᠡᠰᠦ ᠬᠠᠳᠠᠭᠠᠯᠠᠬᠤ ᠰᠠᠭᠤᠷᠢᠨ | ᠵᠢᠴᠢ ᠵᠠᠯᠭᠠᠮᠵᠢ ᠢᠯᠴᠢ ᠶᠢᠨ ᠴᠠᠬᠢᠯᠭᠠᠨ ᠤ ᠲᠦᠷᠦᠯ ᠵᠦᠢᠯ᠂ ᠦᠶᠡᠷ ᠬᠤᠷᠠᠭᠤᠯᠬᠤ ᠤᠰᠤᠨ ᠴᠥᠭᠦᠷᠥᠮ᠂ | ᠶᠡᠷᠦᠩᠬᠡᠶᠢᠯᠡᠭᠰᠡᠨ ᠬᠡᠳᠦ ᠳᠡᠯᠭᠡᠭᠦᠷ ᠤᠨ ᠠᠩᠬ᠎ᠠ ᠠᠯᠬᠤᠮ ᠤᠨ ᠭᠠᠵᠠᠷ ᠰᠣᠩᠭᠤᠬᠤ ᠶᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠤᠳᠤᠯᠪᠠ᠃ | 1 ᠰᠠᠷ᠎ᠠ ᠶᠢᠨ 9 - 12 ᠤᠨ ᠡᠳᠦᠷ᠂ ᠠᠷᠢᠭᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠢᠨᠠᠨ ᠰᠢᠯᠭᠠᠬᠤ ᠳᠤᠭᠤᠶᠢᠯᠠᠩ ᠤᠨ ᠮᠠᠨ ᠤ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠵᠤ ᠬᠢᠨᠠᠨ ᠰᠢᠯᠭᠠᠬᠤ ᠳᠤ ᠣᠷᠣᠯᠴᠠᠪᠠ᠃ | 1 ᠰᠠᠷ᠎ᠠ ᠶᠢᠨ 9 - 15 ᠤ ᠡᠳᠦᠷ᠂ ᠼᠤᠤ ᠢᠦᠢ ᠹᠸᠢ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠳᠤ ᠬᠦᠷᠴᠦ ᠶᠠᠪᠠᠷᠠᠢ ᠶᠢᠨ ᠠᠵᠤ ᠦᠢᠯᠡᠳᠪᠦᠷᠢ ᠶᠢᠨ | ᠲᠥᠪᠯᠡᠷᠡᠭᠰᠡᠨ ᠲᠣᠭᠤᠷᠢᠭ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠬᠤ ᠬᠠᠮᠢᠶ᠎ᠠ ᠪᠦᠬᠦᠢ | ᠶᠠᠪᠤᠳᠠᠯ ᠢ ᠵᠣᠯᠭᠠᠭᠤᠯᠪᠠ᠃ | 1 ᠰᠠᠷ᠎ᠠ ᠶᠢᠨ 10 ᠤ ᠡᠳᠦᠷ᠂ ᠵᠢᠶᠠᠩ ᠪᠢᠩ ᠵᠢᠶᠧ ᠤᠷᠢᠳ ᠬᠤᠵᠢᠳ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ᠂ ᠲᠠᠢ ᠯᠦᠩ ᠨᠡᠶᠢᠭᠡᠮ ᠲᠣᠭᠤᠷᠢᠭ᠂ ᠪᠠᠳᠠᠢ ᠶᠢᠨ ᠵᠢᠷᠠᠨ ᠵᠠᠮ ᠤᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠵᠢᠴᠢ ᠶᠠᠩ ᠭᠤᠸᠠᠩ ᠨᠡᠶᠢᠭᠡᠮ ᠲᠣᠭᠤᠷᠢᠭ ᠲᠤ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠬᠢᠪᠠ︔ ᠶᠠᠪᠠᠷᠠᠢ ᠪᠠᠯᠭᠠᠰᠤᠨ ᠳᠤ ᠭᠦᠨᠵᠡᠭᠡᠶᠢᠷᠡᠵᠦ᠂ ᠤᠷᠢᠳ ᠬᠤᠵᠢᠳ ᠥᠪᠥᠷ | ᠮᠣᠩᠭᠤᠯ ᠤᠨ ᠶᠠᠪᠠᠷᠠᠢ ᠳᠠᠪᠤᠰᠤᠨ ᠤ ᠬᠢᠮᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠠᠨ | ᠺᠧ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢᠦᠢ ᠴᠧᠨ | ᠷᠦᠨ ᠡᠮ ᠡᠮᠨᠡᠯᠭᠡ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠶᠠᠪᠠᠷᠠᠢ ᠠᠵᠤ ᠦᠢᠯᠡᠳᠪᠦᠷᠢ | ᠲᠥᠪᠯᠡᠷᠡᠭᠰᠡᠨ ᠲᠣᠭᠤᠷᠢᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠯ ᠤᠨᠲᠠᠷᠠᠭᠠᠬᠤ ᠦᠷᠳᠡᠭᠡ ᠳᠤ | ᠪᠠᠶᠢᠴᠠᠭᠠᠨ ᠰᠤᠳᠤᠯᠤᠯᠲᠠ ᠬᠢᠪᠡ᠃ | 1 ᠰᠠᠷ᠎ᠠ ᠶᠢᠨ 11 ᠤ ᠡᠳᠦᠷ᠂ ᠵᠢᠶᠠᠩ ᠪᠢᠩ ᠵᠢᠶᠧ ᠶᠢᠨ ᠱᠠ ᠠᠭᠤᠷᠬᠠᠶ ᠶᠢᠨ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠬᠤᠸᠠ ᠳ᠋ᠢᠶᠠᠨ ᠠᠯᠠᠱᠠ ᠪᠠᠷᠠᠭᠤᠨ ᠬᠤᠰᠢᠭᠤᠨ ᠤ 150MW ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ᠤᠨ ᠲᠤᠬᠠᠶ ᠶᠢᠨ ᠲᠠᠯᠠᠪᠠᠶ᠂ ᠪᠠᠳᠠᠢ ᠶᠢᠨ ᠵᠢᠷᠠᠨ ᠪᠠᠯᠭᠠᠰᠤᠨ ᠤ ᠪᠦᠦ ᠠᠨ ᠢᠯᠴᠢ ᠶᠢᠨ | ᠢᠷᠡᠯᠲᠡ ᠶᠢᠨ ᠦᠢᠯᠡᠳᠪᠦᠷᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ | ᠬᠢᠨᠠᠨ ᠵᠢᠯᠣᠭᠤᠳᠪᠠ᠃ ᠱᠢ ᠪᠠᠨ ᠹᠠᠨ ᠷᠢᠨ ᠬᠢᠲᠠᠳ ᠤᠯᠤᠰ ᠤᠨ ᠨᠡᠭᠦᠷᠡᠰᠦᠨ ᠤ ᠪᠦᠯᠦᠭᠯᠡᠯ ᠤᠨ ᠲᠤᠰᠬᠠᠢ | ᠮᠡᠷᠭᠡᠵᠢᠯᠲᠡᠨ ᠤ ᠬᠤᠷᠠᠯ ᠳᠤ ᠤᠷᠤᠯᠴᠠᠪᠠ᠃ | 1 ᠰᠠᠷ᠎ᠠ ᠶᠢᠨ 12 ᠤᠨ ᠡᠳᠦᠷ᠂ ᠵᠢᠶᠠᠩ ᠪᠢᠩ ᠵᠢᠶᠧ ᠲᠠᠩᠰᠤᠭᠪᠤᠯᠠᠭ ᠰᠤᠮᠤᠨ ᠤ ᠪᠠᠶᠢᠭᠤᠯᠭ᠎ᠠ ᠳᠤ | ᠭᠦᠨᠵᠡᠭᠡᠶᠢᠷᠡᠵᠦ᠂ ᠰᠤᠮᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ︔ | ᠠᠯᠠᠱᠠ ᠶᠢᠨ ᠲᠠᠩᠰᠤᠭᠪᠤᠯᠠᠭ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠵᠢᠴᠢ ᠱᠧᠨ ᠲᠦᠸᠧ ᠰᠦ ᠶᠢᠨ ᠦᠢᠯᠡᠰ ᠤᠨ ᠰᠢᠨᠵᠢᠯᠡᠭᠡ ᠮᠡᠷᠭᠡᠵᠢᠯ ᠤᠨ | ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ᠃ | 1 ᠰᠠᠷ᠎ᠠ ᠶᠢᠨ 13 ᠤ ᠡᠳᠦᠷ᠂ ᠵᠢᠶᠠᠩ ᠪᠢᠩ ᠵᠢᠶᠧ ᠳᠤᠮᠳᠠᠳᠤ ᠤᠯᠤᠰ ᠤᠨ ᠨᠡᠭᠦᠷᠡᠰᠦᠨ ᠤ ᠪᠦᠯᠦᠭᠯᠡᠯ ᠲᠠᠢ | ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠵᠢᠴᠢ ᠢᠯᠴᠢ ᠶᠢᠨ ᠴᠠᠬᠢᠯᠭᠠᠨ ᠤ ᠲᠦᠷᠦᠯ ᠵᠦᠢᠯ ᠤᠨ ᠠᠩᠬ᠎ᠠ | ᠠᠯᠬᠤᠮ ᠤᠨ ᠭᠠᠵᠠᠷ ᠰᠣᠩᠭᠤᠬᠤ ᠲᠥᠯᠥᠪᠵᠢᠭᠦᠯᠭᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ | ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠧ ᠹᠠᠩ ᠷᠧᠨ ᠪᠣᠯᠤᠨ ᠵᠦᠩ ᠮᠧᠢ ᠪᠦᠯᠦᠭᠯᠡᠯ ᠨᠡᠭᠦᠷᠡᠰᠦ | ᠬᠠᠳᠠᠭᠠᠯᠠᠬᠤ ᠰᠠᠭᠤᠷᠢᠨ ᠭᠠᠵᠠᠷ ᠵᠢᠴᠢ ᠵᠠᠯᠭᠠᠮᠵᠢ ᠢᠯᠴᠢ ᠶᠢᠨ ᠴᠠᠬᠢᠯᠭᠠᠨ ᠤ ᠲᠦᠷᠦᠯ ᠵᠦᠢᠯ ᠤᠨ ᠠᠩᠬ᠎ᠠ | ᠠᠯᠬᠤᠮ ᠤᠨ ᠭᠠᠵᠠᠷ ᠰᠣᠩᠭᠤᠬᠤ ᠲᠥᠯᠥᠪᠵᠢᠭᠦᠯᠭᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ | ᠶᠠᠷᠢᠯᠴᠠᠬᠤ ᠬᠤᠷᠠᠯ ᠳᠤ ᠣᠷᠣᠯᠴᠠᠪᠠ᠃ ᠵᠠᠩ ᠪᠢᠨ ︽ᠮᠧᠩ ᠲᠤ ᠶᠢᠨ ᠲᠡᠮᠡᠭᠡᠲᠦ ᠨᠤᠲᠤᠭ · ᠴᠠᠭᠠᠨ ᠰᠠᠷ᠎ᠠ ᠶᠢᠨ | ᠬᠠᠷᠢ ᠶᠢᠨ ᠳᠠᠯᠠᠢ︾ ᠠᠯᠠᠱᠠ ᠪᠠᠷᠠᠭᠤᠨ ᠬᠤᠰᠢᠭᠤᠨ ᠤ ᠲᠡᠮᠡᠭᠡᠨ ᠬᠤᠲᠠ ᠶᠢᠨ ᠦᠨᠦᠷ ᠠᠮᠲᠠ ᠶᠢᠨ ᠵᠢᠯ ᠤᠨ | ᠪᠠᠷᠠᠭ᠎ᠠ ᠶᠢᠨ ᠪᠠᠶᠠᠷ ᠵᠢᠴᠢ ᠡᠭᠦᠯᠡᠨ ᠦᠵᠦᠭᠦᠷ ᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠳᠤ ᠣᠷᠣᠯᠴᠠᠪᠠ᠃ | ᠠᠷᠢᠭᠤᠨ ᠬᠡᠰᠡᠭ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠤᠨ ᠥᠨᠳᠥᠷ ᠨᠠᠰᠤᠨ ᠤ ᠨᠡᠶᠢᠲᠡ ᠶᠢᠨ | ᠠᠰᠠᠷᠠᠮᠵᠢ ᠶᠢᠨ ᠤᠢ ᠶᠢᠨ ᠡᠷᠦᠬᠡ ᠶᠢ ᠲᠣᠬᠤᠨᠢᠭᠤᠯᠪᠠ᠃ | 1 ᠳ᠋ᠦ᠋ᠭᠡᠷ ᠰᠠᠷ᠎ᠠ ᠶᠢᠨ 25 ᠤ ᠡᠳᠦᠷ ᠠᠴᠠ 30 ᠤ ᠡᠳᠦᠷ ᠪᠣᠯᠲᠠᠯ᠎ᠠ᠂ ᠰᠢᠶᠧ ᠹᠠᠩ ᠷᠧᠨ ᠪᠦᠯᠬᠦᠮ | ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ | ᠠᠵᠢᠯ ᠢ ᠵᠣᠯᠭᠠᠭᠤᠯᠪᠠ᠃ | 1 ᠰᠠᠷ᠎ᠠ ᠶᠢᠨ 26 ᠤ ᠡᠳᠦᠷ ᠠᠴᠠ 2 ᠰᠠᠷ᠎ᠠ ᠶᠢᠨ 1 ᠤ ᠡᠳᠦᠷ ᠪᠣᠯᠲᠠᠯ᠎ᠠ᠂ ᠠᠷᠢᠭᠤᠨ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠴᠦ ᠲᠠᠷᠢᠶᠠᠯᠠᠩ ᠮᠠᠯ ᠠᠵᠤ ᠠᠬᠤᠶ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠤᠰᠤᠨ ᠠᠰᠢᠭᠯᠠᠯᠲᠠ ᠶᠢᠨ ᠠᠵᠢᠯ ᠢ ᠵᠣᠯᠭᠠᠭᠤᠯᠪᠠ᠃ | 1 ᠰᠠᠷ᠎ᠠ ᠶᠢᠨ 28 ᠤ ᠡᠳᠦᠷ᠂ ᠵᠠᠩ ᠪᠢᠨ ᠪᠠᠳᠠᠶ ᠶᠢᠨ ᠵᠢᠷᠠᠨ ᠪᠠᠯᠭᠠᠰᠤᠨ ᠤ ᠳᠤᠯᠠᠭᠠᠨ ᠬᠤᠸᠠ ᠶᠤᠸᠠᠨ | ᠲᠣᠭᠤᠷᠢᠭ᠂ ᠶᠠᠪᠠᠷᠠᠢ ᠵᠠᠮ ᠤᠨ ᠭᠤᠤᠯ ᠲᠠᠯᠠᠪᠠᠶ ᠶᠢᠨ ᠬᠤᠳᠠᠯᠳᠤᠭᠠᠨ ᠤ ᠣᠷᠣᠨ ᠰᠠᠭᠤᠴᠠ ᠶᠢᠨ ᠠᠰᠠᠷ ᠲᠤ | ᠭᠦᠨᠵᠡᠭᠡᠶᠢᠷᠡᠨ ᠣᠷᠣᠨ ᠰᠠᠭᠤᠴᠠ ᠶᠢᠨ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠪᠠᠶᠢᠴᠠᠭᠠᠨ ᠰᠤᠳᠤᠯᠪᠠ᠃ | | 1 ᠰᠠᠷ᠎ᠠ ᠶᠢᠨ 31 ᠤ ᠡᠳᠦᠷ᠂ ᠵᠢᠶᠠᠩ ᠪᠢᠩ ᠵᠢᠶᠧ ᠠᠶᠢᠮᠠᠭ ᠤᠨ ᠲᠠᠰ ᠤᠨ ᠬᠠᠮᠢᠶ᠎ᠠ ᠪᠥᠬᠦᠶ ᠰᠠᠯᠠᠭ᠎ᠠ | ᠮᠥᠴᠢᠷ ᠲᠤ ᠬᠦᠷᠴᠦ ᠪᠥᠸᠧ ᠶᠤᠸᠠᠨ ᠪᠠᠶᠢᠭᠠᠯᠢ ᠶᠢᠨ ᠬᠤᠵᠢᠷ᠂ ᠠᠯᠠᠱᠠ ᠵᠢᠨᠣᠲᠣ ᠦᠶ᠎ᠡ ᠶᠢᠨ ᠲᠡᠮᠡᠭᠡᠨ ᠤ ᠠᠵᠤ | ᠦᠢᠯᠡᠰ ᠤᠨ ᠬᠦᠷᠢᠶᠡᠯᠡᠩ᠂ ᠶᠠᠪᠠᠷᠠᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠳᠤ ᠣᠷᠣᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠵᠣᠯᠭᠠᠭᠤᠯᠪᠠ᠃ | ᠤᠤᠳᠬᠠᠨᠴᠢᠮᠡᠭ ︽ᠠᠯᠠᠱᠠ ᠪᠠᠷᠠᠭᠤᠨ ᠬᠤᠰᠢᠭᠤᠨ ᠤ ᠭᠠᠵᠠᠷ ᠤᠨ ᠨᠡᠷ᠎ᠡ ᠶᠢᠨ ᠣᠶᠢᠯᠠᠯᠭ᠎ᠠ︾ ᠲᠠᠷᠬᠠᠭᠠᠬᠤ | ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ︔ ᠠᠯᠠᠱᠠ ᠪᠠᠷᠠᠭᠤᠨ ᠬᠤᠰᠢᠭᠤᠨ ᠤ ᠠᠷᠠᠳ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠢ ᠵᠢᠯᠣᠭᠤᠳᠤᠨ ᠪᠠᠶᠢᠴᠠᠭᠠᠨ ᠰᠤᠳᠤᠯᠵᠤ᠂ ᠨᠡᠶᠢᠭᠡᠮ ᠤᠨ | ᠠᠵᠢᠯ ᠤᠨ ᠥᠷᠲᠡᠭᠡ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠣᠷᠣᠰᠢᠭᠤᠯᠭ᠎ᠠ ᠶᠢᠨ ᠭᠠᠵᠠᠷ ᠤᠨ ᠬᠡᠪ ᠤᠨ | ᠠᠵᠢᠯᠯᠠᠭᠠᠨ ᠤ ᠪᠠᠶᠢᠳᠠᠯ ᠢ ᠪᠠᠶᠢᠴᠠᠭᠠᠨ ᠵᠢᠯᠣᠭᠤᠳᠪᠠ᠃ | 2 ᠰᠠᠷ᠎ᠠ ᠶᠢᠨ 1 ᠤ ᠡᠳᠦᠷ᠂ ᠵᠢᠶᠠᠩ ᠪᠢᠩ ᠵᠢᠶᠧ ᠠᠯᠠᠱᠠ ᠶᠢᠨ ᠲᠠᠩᠰᠤᠭᠪᠤᠯᠠᠭ ᠤᠨ ᠪᠥᠸᠧ ᠶᠤᠸᠠᠨ | ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ | ᠲᠠᠯᠠᠪᠠᠶ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠰᠢᠶᠧ ᠹᠠᠩ ᠷᠧᠨ ᠠᠯᠠᠱᠠ ᠶᠢᠨ | ᠲᠠᠩᠰᠤᠭᠪᠤᠯᠠᠭ ᠤᠨ ᠪᠥᠸᠧ ᠶᠤᠸᠠᠨ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠼᠤᠤ | ᠢᠦᠢ ᠹᠸᠢ ᠲᠠᠶᠢᠰᠢ ᠨᠡᠭᠦᠷᠡᠰᠦᠨ ᠤ ᠪᠦᠯᠦᠭᠯᠡᠯ ᠤᠨ ᠴᠠᠩ ᠱᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠲᠠᠢ | ᠶᠠᠷᠢᠯᠴᠠᠬᠤ ᠬᠤᠷᠠᠯ ᠬᠢᠵᠡᠢ᠃ ᠵᠠᠩ ᠪᠢᠨ ᠪᠠᠳᠠᠢ ᠶᠢᠨ ᠵᠢᠷᠠᠨ ᠪᠠᠯᠭᠠᠰᠤᠨ ᠤ ᠲᠠᠬᠢᠯᠲᠠ ᠡᠬᠢ ᠪᠠᠶᠠᠯᠢᠭ ᠢ ᠬᠤᠷᠢᠶᠠᠨ | ᠠᠪᠬᠤ ᠠᠵᠢᠯ ᠲᠥᠷᠥᠯ ᠢ ᠢᠯᠭᠠᠷᠠᠭᠤᠯᠤᠨ ᠴᠡᠭᠴᠡᠯᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | 2 ᠰᠠᠷ᠎ᠠ ᠶᠢᠨ 2 ᠤ ᠡᠳᠦᠷ ᠵᠢᠶᠠᠩ ᠪᠢᠩ ᠵᠢᠶᠧ 2022 ᠣᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠪᠠ᠃ ᠵᠠᠩ ᠪᠢᠨ ᠪᠠᠳᠠᠶ ᠶᠢᠨ ᠵᠢᠷᠠᠨ ᠪᠠᠯᠭᠠᠰᠤᠨ ᠤ ᠳᠤᠯᠠᠭᠠᠨ ᠬᠤᠸᠠ ᠶᠤᠸᠠᠨ ᠲᠣᠭᠤᠷᠢᠭ᠂ ᠶᠠᠪᠠᠷᠠᠢ | ᠵᠠᠮ ᠤᠨ ᠭᠤᠤᠯ ᠲᠠᠯᠠᠪᠠᠶ ᠶᠢᠨ ᠬᠤᠳᠠᠯᠳᠤᠭᠠᠨ ᠤ ᠣᠷᠣᠨ ᠰᠠᠭᠤᠴᠠ ᠶᠢᠨ ᠠᠰᠠᠷ ᠲᠤ ᠭᠦᠨᠵᠡᠭᠡᠶᠢᠷᠡᠨ ᠣᠷᠣᠨ | ᠰᠠᠭᠤᠴᠠ ᠶᠢᠨ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠨ | ᠰᠤᠳᠤᠯᠪᠠ᠃ | 2 ᠰᠠᠷ᠎ᠠ ᠶᠢᠨ 3 ᠤ ᠡᠳᠦᠷ᠂ ᠵᠢᠶᠠᠩ ᠪᠢᠩ ᠵᠢᠶᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠠᠭ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ ᠰᠢᠶᠧ ᠹᠠᠩ ᠷᠧᠨ ᠲᠣᠰ ᠲᠣᠰ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ᠂ | ᠪᠠᠶᠢᠭᠠᠯᠢ ᠶᠢᠨ ᠡᠬᠢ ᠪᠠᠶᠠᠯᠢᠭ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠤᠭ᠎ᠠ ᠪᠦᠷᠢᠳᠬᠡᠯ ᠵᠡᠷᠭᠡ ᠰᠠᠯᠠᠭ᠎ᠠ | ᠮᠥᠴᠢᠷ ᠲᠠᠢ ᠠᠵᠢᠯ ᠣᠯᠭᠤᠯᠲᠠ ᠶᠢᠨ ᠪᠠᠲᠤᠯᠠᠭ᠎ᠠ᠂ ᠭᠠᠷᠳᠠᠮ ᠬᠦᠢᠴᠡᠳᠬᠡᠬᠦ᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ᠂ ᠠᠵᠤ ᠠᠬᠤᠶ ᠶᠢᠨ ᠲᠣᠬᠢᠷᠠᠭᠤᠯᠤᠯᠲᠠ ᠵᠡᠷᠭᠡ ᠵᠦᠢᠯᠡᠰ ᠢ ᠰᠤᠳᠤᠯᠤᠨ ᠶᠠᠷᠢᠯᠴᠠᠵᠤ᠂ ᠬᠠᠮᠢᠶ᠎ᠠ ᠪᠥᠬᠦᠶ | ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠵᠠᠩ ᠪᠢᠨ 2023 ᠣᠨ ᠤ ᠥᠯᠵᠡᠶᠢᠲᠦ | ᠡᠳᠦᠷ ᠤᠨ ᠠᠵᠢᠯᠯᠠᠭ᠎ᠠ ᠶᠢᠨ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠬᠤᠤ ᠱᠢ ᠸᠧᠶ ᠪᠥᠬᠦ ᠬᠤᠰᠢᠭᠤᠨ ᠤ ᠴᠡᠷᠢᠭ ᠡᠯᠰᠡᠬᠦ ᠠᠵᠢᠯ ᠤᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ | 2 ᠰᠠᠷ᠎ᠠ ᠶᠢᠨ 4 ᠤ ᠡᠳᠦᠷ᠂ ᠵᠢᠶᠠᠩ ᠪᠢᠩ ᠵᠢᠶᠧ ᠪᠠᠶᠠᠨᠬᠤᠲᠠ ᠳᠤ ᠬᠦᠷᠴᠦ ᠪᠥᠬᠦ ᠠᠶᠢᠮᠠᠭ ᠤᠨ 2023 | ᠣᠨ ᠤ ︽ᠪᠣᠬᠢᠷᠲᠤᠯ ᠥᠬᠡᠶ ᠴᠠᠬᠢᠯᠭᠠᠨ ᠢᠶᠠᠷ ᠬᠤᠳᠠᠯᠳᠤᠭᠠᠴᠢᠨ ᠤᠷᠢᠬᠤ︾ ᠲᠤᠰᠬᠠᠶ ᠲᠠᠯᠠᠪᠠᠶ ᠶᠢᠨ | ᠲᠠᠨᠢᠯᠴᠠᠭᠤᠯᠬᠤ ᠬᠤᠷᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ | ᠶᠣᠰᠣᠯᠠᠯ ᠳᠤ ᠣᠷᠣᠯᠴᠠᠪᠠ᠃ | 2 ᠰᠠᠷ᠎ᠠ ᠶᠢᠨ 6 ᠤ ᠡᠳᠦᠷ᠂ ᠵᠢᠶᠠᠩ ᠪᠢᠩ ᠵᠢᠶᠧ ᠬᠤᠰᠢᠭᠤᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠥᠬᠦ ᠬᠤᠰᠢᠭᠤᠨ ᠤ ᠭᠠᠶᠢᠯᠢ ᠲᠠᠲᠠᠪᠤᠷᠢᠯᠠᠵᠤ | ᠬᠠᠮᠢᠶᠠᠷᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠬᠦᠴᠢᠷᠳᠡᠯ ᠢ ᠣᠶᠢᠯᠠᠭᠠᠵᠤ᠂ ᠨᠢᠭᠡᠳᠦᠭᠡᠷ ᠤᠯᠠᠷᠢᠯ ᠤᠨ ᠭᠠᠶᠢᠯᠢ ᠲᠠᠲᠠᠪᠤᠷᠢ ᠶᠢᠨ ᠠᠵᠢᠯ ᠢ | ᠳᠣᠭᠢᠷᠠᠭᠤᠯᠪᠠ︔ ᠠᠯᠠᠱᠠ ᠪᠠᠷᠠᠭᠤᠨ ᠬᠤᠰᠢᠭᠤᠨ ᠤ ᠨᠢᠭᠡᠳᠦᠭᠡᠷ ᠤᠯᠠᠷᠢᠯ ᠤᠨ ᠭᠤᠤᠯᠳᠠᠯᠭ᠎ᠠ ᠲᠠᠢ ᠲᠥᠷᠥᠯ ᠵᠦᠢᠯ | ᠵᠢᠴᠢ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 2 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠠᠷᠢᠭᠤᠨ ᠰᠢᠨᠵᠢᠶᠠᠩ ᠤᠨ ᠠᠺᠰᠦ᠋ ᠣᠷᠣᠨ ᠤ | ᠺᠧ ᠫᠢᠩ ᠰᠢᠶᠠᠨ ᠤ ᠲᠡᠮᠡᠭᠡᠨ ᠤ ᠠᠵᠤ ᠦᠢᠯᠡᠰ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠲᠠᠢ ᠬᠠᠮᠲᠤᠷᠠᠨ | ᠪᠠᠳᠠᠢ ᠶᠢᠨ ᠵᠢᠷᠠᠨ ᠪᠠᠯᠭᠠᠰᠤ᠂ ᠶᠠᠪᠠᠷᠠᠢ ᠪᠠᠯᠭᠠᠰᠤ᠂ ᠠᠯᠲᠠᠨᠴᠤᠭ ᠰᠤᠮᠤ᠂ ᠪᠠᠶᠠᠨᠭᠤᠣᠯ ᠰᠤᠮᠤ ᠪᠣᠯᠤᠨ ᠵᠥᠩ ᠬᠠ | ᠲᠡᠮᠡᠭᠡᠨ ᠤ ᠰᠤᠳᠤᠯᠭᠠᠨ ᠤ ᠬᠦᠷᠢᠶᠡᠯᠡᠩ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ | ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠲᠡᠮᠡᠭᠡᠨ ᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠪᠣᠯᠤᠨ | ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | 2 ᠰᠠᠷ᠎ᠠ ᠶᠢᠨ 6 ᠤ ᠡᠳᠦᠷ ᠠᠴᠠ 10 ᠤ ᠡᠳᠦᠷ ᠪᠣᠯᠲᠠᠯ᠎ᠠ᠂ ᠤᠳᠬᠠᠨᠴᠢᠮᠡᠭ ᠪᠦᠯᠬᠦᠮ ᠳᠠᠭᠠᠭᠤᠯᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠦᠷᠴᠦ ᠬᠦᠴᠢᠷᠳᠡᠯᠲᠡᠶ ᠣᠯᠠᠨ ᠲᠦᠮᠡᠨ ᠢ | ᠠᠪᠤᠷᠠᠨ ᠲᠤᠰᠠᠯᠠᠬᠤ ᠪᠠ ᠰᠤᠮᠤ ᠪᠠᠯᠭᠠᠰᠤᠨ ᠤ ᠬᠤᠪᠢᠶᠠᠷᠢᠯᠠᠯ ᠲᠠᠢ ᠵᠣᠯᠭᠠᠭᠤᠯᠬᠤ ᠵᠡᠷᠭᠡ ᠠᠵᠢᠯ ᠢ ᠥᠷᠨᠢᠭᠦᠯᠪᠡ᠃ | 2 ᠰᠠᠷ᠎ᠠ ᠶᠢᠨ 7 ᠤ ᠡᠳᠦᠷ᠂ ᠵᠢᠶᠠᠩ ᠪᠢᠩ ᠵᠢᠶᠧ ᠥᠪᠥᠷ ᠮᠣᠩᠭᠤᠯ ᠤᠨ ᠮᠧᠩ ᠶᠤᠸᠠᠨ ᠬᠤᠢ ᠵᠧᠨ | ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠴᠢ ᠰᠢᠶᠠᠩ ᠷᠦᠢ ᠠᠮᠢ ᠠᠬᠤᠢ ᠶᠢᠨ ᠲᠡᠵᠢᠭᠡᠨ ᠦᠷᠡᠵᠢᠭᠦᠯᠬᠦ | ᠲᠠᠯᠠᠪᠠᠢ ᠳᠤ ᠭᠦᠨᠵᠡᠭᠡᠶᠢᠷᠡᠵᠦ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ | ᠠᠰᠠᠭᠤᠳᠠᠯ ᠢ ᠨᠠᠷᠢᠨ ᠣᠶᠢᠯᠠᠭᠠᠪᠠ᠃ ᠰᠢᠶᠧ ᠹᠠᠩ ᠷᠧᠨ ᠶᠠᠪᠠᠷᠠᠢ ᠶᠢᠨ ᠠᠵᠤ ᠦᠢᠯᠡᠳᠪᠦᠷᠢ ᠲᠥᠪᠯᠡᠷᠡᠭᠰᠡᠨ | ᠣᠷᠣᠨ ᠳᠤ ᠭᠦᠨᠵᠡᠭᠡᠶᠢᠷᠡᠵᠦ᠂ ᠤᠷᠢᠳ ᠬᠤᠵᠢᠳ ᠢᠦᠢ ᠴᠧᠨ ᠷᠦᠨ ᠡᠮ ᠡᠮᠨᠡᠯᠭᠡ ᠶᠢᠨ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ᠂ ᠯᠠᠨ ᠺᠧ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ | ᠂ ᠨᠠᠨ ᠯᠦᠩ ᠬᠢᠮᠢ ᠶᠢᠨ ᠬᠢᠵᠠᠭᠠᠷᠲᠤ ᠺᠣᠮᠫᠠᠨᠢ᠂ ᠴᠢ ᠲᠠᠢ ᠬᠢᠮᠢ ᠶᠢᠨ ᠬᠢᠵᠠᠭᠠᠷᠲᠤ ᠺᠣᠮᠫᠠᠨᠢ ᠵᠡᠷᠭᠡ ᠠᠵᠤ | ᠦᠢᠯᠡᠳᠪᠦᠷᠢ ᠶᠢᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ ᠨᠢᠭᠡᠳᠦᠭᠡᠷ ᠤᠯᠠᠷᠢᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠠᠵᠤ ᠠᠬᠤᠢ ᠶᠢᠨ ᠠᠵᠢᠯᠯᠠᠭᠠᠨ᠂ ᠠᠶᠤᠯᠭᠦᠢ ᠦᠢᠯᠡᠳᠪᠦᠷᠢᠯᠡᠯ | ᠵᠡᠷᠭᠡ ᠠᠵᠢᠯ ᠢ ᠲᠥᠪᠯᠡᠷᠡᠭᠦᠯᠦᠨ ᠲᠤᠬᠢᠷᠠᠭᠤᠯᠪᠠ᠃ ᠼᠤᠤ ᠢᠦᠢ ᠹᠸᠢ ᠶᠢᠨ ᠱᠠ ᠠᠭᠤᠷᠬᠠᠢ ᠶᠢᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠥᠪᠡᠳ ᠦᠨᠳᠦᠰᠦᠲᠡᠨ ᠤ 1 ᠲᠣᠭᠤᠷᠢᠭ ᠤᠨ ᠲᠡᠮᠦᠷᠯᠢᠭ | ᠬᠠᠶᠢᠯᠤᠭᠤᠯᠤᠭᠴᠢ ᠬᠠᠳᠠᠨ ᠴᠠᠭᠠᠨ ᠤ ᠠᠭᠤᠷᠬᠠᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠵᠠᠩ ᠪᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠪᠠ᠃ ᠠᠷᠢᠭᠤᠨ ᠥᠪᠥᠷ ᠮᠣᠩᠭᠤᠯ ᠤᠨ ᠮᠧᠩ ᠶᠤᠸᠠᠨ ᠬᠤᠢ ᠵᠧᠨ ᠢᠳᠡᠭᠡᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠪᠣᠯᠤᠨ ᠰᠢᠶᠠᠩ ᠷᠦᠢ ᠠᠮᠢ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠳᠤ | ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ | ᠣᠶᠢᠯᠠᠭᠠᠪᠠ᠃ | 2 ᠰᠠᠷ᠎ᠠ ᠶᠢᠨ 8 ᠤ ᠡᠳᠦᠷ᠂ ᠰᠢᠶᠧ ᠹᠠᠩ ᠷᠧᠨ ᠶᠠᠪᠠᠷᠠᠢ ᠪᠠᠯᠭᠠᠰᠤ᠂ ᠠᠯᠲᠠᠨᠴᠤᠭ ᠰᠤᠮᠤ᠂ ᠪᠠᠶᠠᠨᠭᠤᠣᠯ | ᠰᠤᠮᠤᠨ ᠳᠤ ᠭᠦᠨᠵᠡᠭᠡᠶᠢᠷᠡᠨ ᠤᠰᠤᠨ ᠰᠢᠨᠵᠢᠯᠡᠭᠡᠨ ᠤ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ᠃ ᠬᠤᠣ | ᠱᠢ ᠸᠧᠢ 2023 ᠣᠨ ᠤ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ | ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠪᠠᠢᠷᠢᠯᠠᠭᠤᠯᠤᠯᠲᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠠᠷᠢᠭᠤᠨ ᠶᠠᠪᠠᠷᠠᠢ ᠪᠠᠯᠭᠠᠰᠤ᠂ ᠠᠯᠲᠠᠨᠴᠤᠭ ᠰᠤᠮᠤ᠂ ᠪᠠᠶᠠᠨᠭᠤᠣᠯ ᠰᠤᠮᠤᠨ ᠳᠤ ᠭᠦᠨᠵᠡᠭᠡᠶᠢᠷᠡᠨ | ᠤᠰᠤᠨ ᠰᠢᠨᠵᠢᠯᠡᠭᠡᠨ ᠤ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ᠃ | 2 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠵᠠᠩ ᠪᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠲᠡᠤᠬᠡ ᠶᠢᠨ ᠦᠯᠡᠳᠡᠭᠳᠡᠯ ᠠᠰᠠᠭᠤᠳᠠᠯ ᠢ ᠰᠤᠳᠤᠯᠤᠨ | ᠰᠢᠢᠳᠪᠦᠷᠢᠯᠡᠬᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ | 2 ᠰᠠᠷ᠎ᠠ ᠶᠢᠨ 9 ᠤ ᠡᠳᠦᠷ᠂ ᠵᠢᠶᠠᠩ ᠪᠢᠩ ᠵᠢᠶᠧ ᠪᠠᠳᠠᠢ ᠶᠢᠨ ᠵᠢᠷᠠᠨ ᠪᠠᠯᠭᠠᠰᠤᠨ ᠳᠤ ᠠᠯᠠᠱᠠ ᠶᠢᠨ ᠤᠳᠤ | ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠡᠮᠦᠨᠡᠬᠢ ᠬᠤᠭᠤᠴᠠᠭ᠎ᠠ ᠵᠢᠴᠢ | ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ︔ ᠠᠯᠠᠱᠠ ᠪᠠᠷᠠᠭᠤᠨ | ᠬᠤᠰᠢᠭᠤᠨ ᠤ ᠪᠠᠶᠢᠭᠠᠯᠢ ᠶᠢᠨ ᠬᠤᠵᠢᠷ ᠤᠨ ᠠᠵᠤ ᠦᠢᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠣᠷᠣᠨ ᠤ | ᠲᠥᠯᠥᠪᠵᠢᠭᠦᠯᠭᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠤᠸᠠᠢ ᠢᠦᠢ ᠪᠥᠬᠦ ᠬᠤᠰᠢᠭᠤᠨ ᠤ | ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | 2 ᠰᠠᠷ᠎ᠠ ᠶᠢᠨ 9 ᠤ ᠡᠳᠦᠷ ᠠᠴᠠ 12 ᠤᠨ ᠡᠳᠦᠷ ᠪᠣᠯᠲᠠᠯ᠎ᠠ᠂ ᠼᠤᠤ ᠢᠦᠶ ᠹᠸᠢ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠳᠤ ᠬᠦᠷᠴᠦ ᠶᠠᠪᠠᠷᠠᠢ ᠶᠢᠨ ᠠᠵᠤ | ᠦᠢᠯᠡᠳᠪᠦᠷᠢ ᠶᠢᠨ ᠲᠥᠪᠯᠡᠷᠡᠭᠰᠡᠨ ᠣᠷᠣᠨ ᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠬᠤ ᠬᠠᠮᠢᠶ᠎ᠠ | ᠪᠦᠬᠦᠢ ᠶᠠᠪᠤᠳᠠᠯ ᠢ ᠵᠣᠯᠭᠠᠭᠤᠯᠪᠠ᠃ | 2 ᠰᠠᠷ᠎ᠠ ᠶᠢᠨ 10 ᠤ ᠡᠳᠦᠷ᠂ ᠵᠢᠶᠠᠩ ᠪᠢᠩ ᠵᠢᠶᠧ ᠮᠠᠨᠳᠤᠯ ᠰᠤᠮᠤᠨ ᠳᠤ ᠭᠦᠨᠵᠡᠭᠡᠶᠢᠷᠡᠨ ᠠᠵᠤ | ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠢ ᠪᠠᠶᠢᠴᠠᠭᠠᠨ | ᠰᠤᠳᠤᠯᠤᠯᠲᠠ ᠬᠢᠵᠡᠢ᠃ ᠠᠷᠢᠭᠤᠨ ᠮᠠᠨᠳᠤᠯ ᠰᠤᠮᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ | 2 ᠰᠠᠷ᠎ᠠ ᠶᠢᠨ 13 ᠤ ᠡᠳᠦᠷ᠂ ᠠᠷᠢᠭᠤᠨ ᠠᠯᠠᠱᠠ ᠶᠢᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠯᠭᠠᠭᠤᠯᠬᠤ ᠠᠵᠢᠯ ᠤᠨ ᠶᠠᠷᠢᠯᠴᠠᠬᠤ ᠬᠤᠷᠠᠯ ᠢ | ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠡᠰᠡᠭ ᠠᠵᠤ ᠠᠬᠤᠶᠢᠯᠠᠯ ᠲᠠᠢ ᠬᠠᠮᠲᠤᠷᠠᠨ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠶᠠᠪᠤᠳᠠᠯ ᠢ ᠰᠤᠳᠤᠯᠬᠤ ᠶᠢᠨ ᠬᠠᠮᠲᠤ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠲᠤᠬᠠᠶ ᠶᠢᠨ | ᠭᠠᠵᠠᠷ ᠲᠤᠨᠢ ᠬᠠᠶᠢᠨ ᠪᠠᠶᠢᠴᠠᠭᠠᠪᠠ᠃ | 2 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠤᠳᠬᠠᠨᠴᠢᠮᠡᠭ ᠰᠢᠨ᠎ᠡ ᠪᠠᠷ ᠪᠠᠶᠢᠭᠤᠯᠤᠭᠰᠠᠨ | ᠨᠦᠷᠭᠡᠢ ᠰᠤᠮᠤ ᠶᠢᠨ ᠭᠤᠶᠤᠴᠢᠯᠠᠨ ᠮᠡᠳᠡᠭᠦᠯᠬᠦ ᠠᠵᠢᠯ ᠢ ᠱᠠᠯᠠᠪᠳᠠᠭᠤᠯᠤᠨ ᠵᠢᠯᠣᠭᠤᠳᠪᠠ᠃ | 2 ᠰᠠᠷ᠎ᠠ ᠶᠢᠨ 15 ᠤ ᠡᠳᠦᠷ᠂ ᠰᠢᠶᠧ ᠹᠠᠩ ᠷᠧᠨ ᠠᠯᠠᠱᠠ ᠪᠠᠷᠠᠭᠤᠨ ᠬᠤᠰᠢᠭᠤᠨ ᠤ ᠠᠵᠢᠯᠴᠢᠨ ᠤ | ᠡᠪᠯᠡᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠢ | ᠡᠷᠬᠢᠯᠡᠨ ᠬᠤᠷᠠᠯᠳᠤᠭᠤᠯᠪᠠ᠃ ᠤᠳᠬᠠᠨᠴᠢᠮᠡᠭ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠬᠤᠷᠠᠯ ᠳᠤ ᠣᠷᠣᠯᠴᠠᠪᠠ᠃ ᠵᠠᠩ ᠪᠢᠨ ᠬᠤᠰᠢᠭᠤᠨ ᠤ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠬᠠᠮᠢᠶᠠᠷᠤᠯᠲᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ | ᠬᠦᠴᠢᠷᠳᠡᠯ ᠢ ᠣᠶᠢᠯᠠᠭᠠᠪᠠ᠃ | 2 ᠰᠠᠷ᠎ᠠ ᠶᠢᠨ 16 ᠤ ᠡᠳᠦᠷ᠂ ᠵᠢᠶᠠᠩ ᠪᠢᠩ ᠵᠢᠶᠧ ᠪᠥᠬᠦ ᠬᠤᠰᠢᠭᠤᠨ ᠤ ᠬᠡᠰᠡᠭ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠶᠢᠨ | ᠪᠠᠶᠢᠴᠠᠭᠠᠯᠲᠠ ᠶᠢᠨ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ ᠵᠠᠩ ᠪᠢᠨ ᠪᠠᠳᠠᠶ ᠶᠢᠨ ᠵᠢᠷᠠᠨ | ᠪᠠᠯᠭᠠᠰᠤᠨ ᠳᠤ ᠭᠦᠨᠵᠡᠭᠡᠶᠢᠷᠡᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ | ᠵᠢᠴᠢ ᠭᠠᠴᠠᠭᠠᠨ ᠤ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠪᠠ᠃ | 2 ᠰᠠᠷ᠎ᠠ ᠶᠢᠨ 16 ᠤ ᠡᠳᠦᠷ ᠠᠴᠠ 19 ᠤ ᠡᠳᠦᠷ ᠪᠣᠯᠲᠠᠯ᠎ᠠ᠂ ᠠᠷᠢᠭᠤᠨ ᠱᠠᠨᠰᠢ᠂ ᠾᠧᠨᠠᠨ᠂ ᠬᠤᠪᠸᠢ᠂ | ᠱᠠᠨᠳᠦ᠋ᠩ᠂ ᠭᠠᠨᠰᠦ ᠵᠡᠷᠭᠡ ᠭᠠᠵᠠᠷ ᠲᠤ ᠬᠦᠷᠴᠦ ᠬᠠᠮᠢᠶ᠎ᠠ ᠪᠥᠬᠦᠶ ᠠᠵᠤ ᠠᠬᠤᠶᠢᠯᠠᠯ ᠲᠠᠢ ᠠᠯᠠᠱᠠ ᠶᠢᠨ ᠣᠲᠣ | ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠲᠡᠮᠡᠭᠡᠨ ᠤ ᠪᠦᠲᠦᠭᠡᠭᠳᠡᠬᠦᠨ ᠢ ᠪᠣᠷᠣᠯᠠᠭᠤᠯᠬᠤ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠪᠤᠳᠠᠯ ᠢ | ᠵᠣᠯᠭᠠᠭᠤᠯᠤᠨ ᠵᠥᠪᠳᠡᠯᠴᠡᠬᠦ ᠶᠢᠨ ᠬᠠᠮᠲᠤ ᠣᠲᠣ ᠦᠶ᠎ᠡ ᠶᠢᠨ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠪᠠ | ᠬᠥᠭᠵᠢᠯᠲᠡ ᠶᠢᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ | 2 ᠰᠠᠷ᠎ᠠ ᠶᠢᠨ 17 ᠤ ᠡᠳᠦᠷ᠂ ᠵᠢᠶᠠᠩ ᠪᠢᠩ ᠵᠢᠶᠧ ᠪᠠᠳᠠᠢ ᠶᠢᠨ ᠵᠢᠷᠠᠨ ᠪᠠᠯᠭᠠᠰᠤᠨ ᠤ ᠮᠠᠨᠳᠠ ᠨᠡᠶᠢᠭᠡᠮ | ᠲᠣᠭᠤᠷᠢᠭ᠂ ᠪᠦᠯᠬᠦᠮᠳᠡᠯ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠰᠢᠶᠧ ᠹᠠᠩ ᠷᠧᠨ ᠪᠥᠬᠦ ᠬᠤᠰᠢᠭᠤᠨ ᠤ | ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ︔ ᠬᠤᠰᠢᠭᠤᠨ ᠤ ᠨᠢᠭᠡᠳᠦᠭᠡᠷ | ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ | ᠴᠣᠭᠴᠠᠵᠢᠭᠤᠯᠬᠤ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠪᠥᠬᠦ ᠬᠤᠰᠢᠭᠤᠨ ᠤ | ᠰᠤᠷᠭᠠᠨ ᠬᠥᠮᠦᠵᠢᠯ ᠤᠨ ᠰᠢᠰᠲ᠋ᠧᠮ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠼᠤᠤ ᠢᠦᠶ ᠹᠸᠢ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠬᠢᠨᠠᠨ ᠪᠤᠳᠤᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠼᠤᠤ ᠢᠦᠶ ᠹᠸᠢ ᠲᠤᠰᠬᠠᠶ | ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠨᠡᠭᠦᠷᠡᠰᠦᠨ ᠤ ᠦᠢᠯᠡᠳᠪᠦᠷᠢᠯᠡᠯ ᠤᠨ | ᠴᠢᠳᠠᠪᠤᠷᠢ ᠶᠢ ᠲᠣᠭᠲᠠᠭᠤᠨ ᠢᠶᠠᠷ ᠦᠷᠭᠦᠯᠵᠢᠯᠡᠭᠦᠯᠬᠦ ᠪᠠ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ ᠬᠠᠮᠢᠶ᠎ᠠ ᠪᠥᠬᠦᠶ | ᠤᠴᠢᠷ ᠶᠠᠪᠤᠳᠠᠯ ᠢ ᠰᠤᠳᠤᠯᠪᠠ᠃ | 2 ᠰᠠᠷ᠎ᠠ ᠶᠢᠨ 18 ᠤ ᠡᠳᠦᠷ᠂ ᠵᠢᠶᠠᠩ ᠪᠢᠩ ᠵᠢᠶᠧ ︽ᠳᠥᠷᠪᠡᠨ ᠥᠬᠡᠶ ᠬᠤᠶᠠᠷ ᠰᠢᠭᠤᠳ︾ | ᠬᠡᠯᠪᠡᠷᠢ ᠪᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠬᠡᠯᠡ ᠪᠢᠴᠢᠭ ᠤᠨ | ᠬᠢᠴᠢᠶᠡᠯ ᠤᠨ ᠲᠠᠩᠬᠢᠮ ᠳᠤ ᠭᠦᠨᠵᠡᠭᠡᠶᠢᠷᠡᠨ ᠬᠢᠴᠢᠶᠡᠯ ᠰᠣᠨᠣᠰᠪᠠ᠃ ᠰᠢᠶᠧ ᠹᠠᠩ ᠷᠧᠨ ᠪᠥᠸᠧ ᠶᠤᠸᠠᠨ | ᠪᠠᠶᠢᠭᠠᠯᠢ ᠶᠢᠨ ᠬᠤᠵᠢᠷ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ 2023 ᠣᠨ ᠤ ᠪᠥᠬᠦ ᠠᠶᠢᠮᠠᠭ ᠤᠨ ᠴᠢᠬᠤᠯᠠ ᠶᠡᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠤᠨ ᠪᠡᠯᠡᠳᠬᠡᠯ ᠠᠵᠢᠯ ᠢ ᠲᠤᠬᠠᠶ ᠶᠢᠨ | ᠭᠠᠵᠠᠷ ᠲᠤᠨᠢ ᠳᠣᠭᠢᠷᠠᠭᠤᠯᠪᠠ᠃ ᠬᠤᠣ ᠱᠢ ᠸᠧᠢ ᠡᠪᠡᠳᠴᠢᠨ ᠢᠶᠠᠷ ᠡᠮᠨᠡᠯᠭᠡ ᠳᠤ ᠰᠠᠭᠤᠭᠰᠠᠨ ᠠᠷᠠᠳ ᠤᠨ | ᠴᠠᠭᠳᠠᠭ᠎ᠠ ᠶᠢ ᠡᠷᠭᠢᠨ ᠦᠵᠡᠪᠡ᠃ | 2 ᠰᠠᠷ᠎ᠠ ᠶᠢᠨ 20 ᠤ ᠡᠳᠦᠷ᠂ ᠵᠢᠶᠠᠩ ᠪᠢᠩ ᠵᠢᠶᠧ ᠪᠥᠬᠦ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠬᠢᠨᠠᠨ | ᠪᠤᠳᠤᠯᠳᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠠᠷᠢᠭᠤᠨ ᠱᠠᠨᠰᠢ | ᠂ ᠾᠧᠨᠠᠨ᠂ ᠬᠤᠪᠸᠢ᠂ ᠱᠠᠨᠳᠦ᠋ᠩ᠂ ᠭᠠᠨᠰᠦ ᠵᠡᠷᠭᠡ ᠭᠠᠵᠠᠷ ᠲᠤ ᠬᠦᠷᠴᠦ ᠬᠠᠮᠢᠶ᠎ᠠ ᠪᠥᠬᠦᠶ ᠠᠵᠤ ᠠᠬᠤᠶᠢᠯᠠᠯ ᠲᠠᠢ | ᠠᠯᠠᠱᠠ ᠶᠢᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠲᠡᠮᠡᠭᠡᠨ ᠤ ᠪᠦᠲᠦᠭᠡᠭᠳᠡᠬᠦᠨ ᠢ ᠪᠣᠷᠣᠯᠠᠭᠤᠯᠬᠤ ᠵᠢᠴᠢ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠶᠠᠪᠤᠳᠠᠯ ᠢ ᠵᠣᠯᠭᠠᠭᠤᠯᠤᠨ ᠵᠥᠪᠳᠡᠯᠴᠡᠬᠦ ᠶᠢᠨ ᠬᠠᠮᠲᠤ ᠣᠲᠣ ᠦᠶ᠎ᠡ ᠶᠢᠨ ᠲᠠᠷᠢᠶᠠᠯᠠᠩ ᠤᠨ ᠪᠥᠲᠥᠭᠡᠨ | ᠪᠠᠶᠢᠭᠤᠯᠤᠯᠲᠠ ᠪᠠ ᠬᠥᠭᠵᠢᠯᠲᠡ ᠶᠢᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ | 2 ᠰᠠᠷ᠎ᠠ ᠶᠢᠨ 21 ᠤ ᠡᠳᠦᠷ᠂ ᠤᠳᠬᠤᠨᠴᠢᠮᠡᠭ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠼᠤᠤ | ᠢᠦᠢ ᠹᠧᠢ ᠪᠦᠬᠦ ᠬᠤᠱᠢᠭᠤᠨ ᠤ ᠨᠡᠭᠦᠷᠡᠰᠦᠨ ᠠᠭᠤᠷᠬᠠᠢ ᠶᠢᠨ ᠣᠷᠣᠨ ᠤ ᠶᠡᠷᠦᠩᠬᠡᠢ ᠲᠥᠯᠥᠪᠵᠢᠭᠦᠯᠭᠡ ᠶᠢ | ᠵᠣᠯᠭᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠵᠠᠩ ᠪᠢᠨ ᠪᠠᠳᠠᠶ ᠶᠢᠨ ᠵᠢᠷᠠᠨ ᠪᠠᠯᠭᠠᠰᠤᠨ ᠳᠤ ᠭᠦᠨᠵᠡᠭᠡᠶᠢᠷᠡᠨ | ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ︔ ᠪᠥᠬᠦ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ | ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | 2 ᠰᠠᠷ᠎ᠠ ᠶᠢᠨ 22 ᠤ ᠡᠳᠦᠷ᠂ ᠰᠢᠶᠧ ᠹᠠᠩ ᠷᠧᠨ ᠰᠢᠨ ᠬᠠᠢ ᠠᠭᠤᠷᠬᠠᠢ ᠶᠢᠨ ᠦᠢᠯᠡᠰ᠂ ᠴᠢᠩ ᠬᠤᠸᠠ | ᠠᠭᠤᠷᠬᠠᠢ ᠶᠢᠨ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠤᠳᠤᠯᠪᠠ᠃ ᠵᠠᠩ ᠪᠢᠨ ᠪᠠᠳᠠᠢ ᠶᠢᠨ ᠵᠢᠷᠠᠨ ᠪᠠᠯᠭᠠᠰᠤᠨ ᠤ ᠳᠠᠬᠢᠯᠲᠠ ᠡᠬᠢ ᠪᠠᠶᠠᠯᠢᠭ ᠢ ᠬᠤᠷᠢᠶᠠᠨ | ᠠᠪᠬᠤ ᠬᠦᠷᠢᠶᠡᠯᠡᠩ ᠲᠣᠭᠤᠷᠢᠭ᠂ ᠬᠤᠭ ᠨᠣᠪᠰᠢ ᠶᠢ ᠢᠯᠭᠠᠨ ᠬᠤᠪᠢᠶᠠᠬᠤ ᠲᠥᠪ ᠵᠢᠴᠢ ᠬᠤᠭ ᠨᠣᠪᠰᠢ ᠶᠢ ᠪᠤᠯᠠᠬᠤ | ᠲᠠᠯᠠᠪᠠᠢ ᠵᠡᠷᠭᠡ ᠭᠠᠵᠠᠷ ᠢᠶᠠᠷ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠬᠢᠪᠡ᠃ | 2 ᠰᠠᠷ᠎ᠠ ᠶᠢᠨ 23 ᠤ ᠡᠳᠦᠷ᠂ ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ 2023 ᠣᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ | ᠠᠩᠬᠠᠳᠤᠭᠠᠷ ᠤᠳᠠᠭᠠᠨ ᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠧ ᠹᠠᠩ ᠷᠧᠨ ᠠᠯᠠᠱᠠ ᠪᠠᠷᠠᠭᠤᠨ | ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ 2023 ᠣᠨ ᠤ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠠᠩᠬᠠᠳᠤᠭᠠᠷ ᠬᠤᠷᠠᠯ ᠳᠤ ᠣᠷᠣᠯᠴᠠᠵᠤ᠂ ᠬᠠᠮᠢᠶ᠎ᠠ ᠪᠥᠬᠦᠶ ᠠᠵᠢᠯ ᠤᠨ ᠪᠠᠶᠢᠳᠠᠯ ᠢ | ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ ᠪᠣᠳᠠᠲᠠᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠠᠷᠢᠭᠤᠨ2022 ᠣᠨ ᠳᠤ ᠠᠶᠢᠮᠠᠭ ᠠᠴᠠ ᠬᠤᠰᠢᠭᠤᠨ ᠤ ᠬᠤᠶᠠᠳᠤᠭᠠᠷ ᠬᠢᠨᠠᠨ ᠰᠢᠯᠭᠠᠬᠤ ᠤᠳᠤᠷᠢᠳᠬᠤ | ᠳᠤᠭᠤᠶᠢᠯᠠᠩ ᠲᠠᠢ ᠬᠠᠮᠲᠤᠷᠠᠨ ᠲᠦᠸᠧ ᠵᠢᠶᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ | ᠬᠢᠵᠠᠭᠠᠷᠲᠤ ᠺᠣᠮᠫᠠᠨᠢ᠂ ᠵᠧᠨ ᠱᠠ ᠱᠧᠩ ᠡᠮ ᠳᠤ ᠬᠡᠷᠡᠭᠯᠡᠬᠦ ᠤᠷᠭᠤᠮᠠᠯ ᠤᠨ ᠰᠢᠨᠵᠢᠯᠡᠭᠡ ᠮᠡᠷᠭᠡᠵᠢᠯ ᠤᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠪᠠᠳᠠᠢ ᠶᠢᠨ ᠲᠡᠮᠡᠭᠡ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ | ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠡᠭᠡᠨ ᠤ ᠣᠷᠳᠣᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠥᠭᠵᠢᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | 2 ᠰᠠᠷ᠎ᠠ ᠶᠢᠨ 24 ᠤ ᠡᠳᠦᠷ᠂ ᠵᠢᠶᠠᠩ ᠪᠢᠩ ᠵᠢᠶᠧ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠵᠠᠰᠠᠭ ᠤᠨ ᠤᠷᠳᠤᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠠᠷᠠᠯᠵᠢᠶᠠᠴᠢᠨ ᠤᠷᠢᠵᠤ ᠪᠡᠯᠡ ᠲᠠᠳᠠᠬᠤ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ᠂ ᠬᠠᠤᠯᠢᠵᠢᠯ ᠤᠨ | ᠵᠠᠰᠠᠭ ᠤᠨ ᠤᠷᠳᠤᠨ ᠤ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠠᠵᠢᠯ ᠢ ᠰᠤᠳᠤᠯᠤᠨ ᠬᠢᠨᠠᠨ ᠵᠦᠪᠯᠡᠪᠡ︔ | ᠨᠡᠬᠦᠷᠡᠰᠤᠨ ᠤ ᠪᠤᠰᠤ ᠠᠭᠤᠷᠬᠠᠢ ᠶᠢᠨ ᠤᠷᠤᠨ ᠤ ᠠᠮᠤᠷ ᠲᠦᠪᠰᠢᠨ ᠤ ᠪᠠᠶᠢᠴᠠᠭᠠᠯᠳᠠ ᠶᠢ ᠠᠩᠭᠢ ᠳᠠᠭᠠᠭᠤᠯᠤᠨ | ᠦᠷᠨᠢᠬᠦᠯᠪᠠ᠃ ᠠᠷᠢᠭᠤᠨ ᠪᠠᠶᠠᠨᠭᠤᠣᠯ ᠰᠤᠮᠤᠨ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ | ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | 2 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠰᠢᠶᠧ ᠹᠠᠩ ᠷᠧᠨ ᠪᠦᠯᠬᠦᠮ ᠳᠠᠭᠠᠭᠤᠯᠤᠨ | ᠰᠤᠷᠭᠠᠨ ᠬᠥᠮᠦᠵᠢᠯ ᠤᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ᠃ | 2 ᠰᠠᠷ᠎ᠠ ᠶᠢᠨ 25 ᠤ ᠡᠳᠦᠷ᠂ ᠵᠢᠶᠠᠩ ᠪᠢᠩ ᠵᠢᠶᠧ ᠠᠩᠭᠢ ᠳᠠᠭᠠᠭᠤᠯᠤᠨ ᠨᠡᠭᠦᠷᠡᠰᠦᠨ ᠠᠭᠤᠷᠬᠠᠶ᠂ | ᠠᠷᠠᠳ ᠤᠨ ᠬᠡᠷᠡᠭᠯᠡᠭᠡᠨ ᠤ ᠳᠡᠯᠪᠡᠴᠢᠬᠦ ᠪᠠᠭᠠᠵᠢ ᠬᠡᠷᠡᠭᠰᠡᠯ ᠤᠨ ᠬᠦᠷᠢᠶᠡᠨ ᠳᠠᠬᠢ ᠠᠮᠤᠷ ᠲᠦᠪᠰᠢᠨ ᠤ | ᠪᠠᠶᠢᠴᠠᠭᠠᠯᠲᠠ ᠶᠢ ᠥᠷᠨᠢᠭᠦᠯᠪᠡ᠃ ᠰᠢᠶᠧ ᠹᠠᠩ ᠷᠧᠨ ᠲᠠᠢ ᠯᠦᠩ ᠠᠵᠢᠯ ᠣᠯᠵᠤ ᠦᠢᠯᠡᠰ ᠪᠤᠰᠬᠠᠬᠤ ᠵᠠᠬ᠎ᠠ | ᠳᠡᠯᠭᠡᠭᠦᠷ ᠢ ᠳᠡᠰ ᠲᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠲᠤᠬᠠᠢ ᠶᠢᠨ | ᠲᠠᠯᠠᠪᠠᠢ ᠳᠤ ᠭᠦᠨᠵᠡᠭᠡᠢᠷᠡᠨ ᠠᠶᠤᠯᠭᠦᠢ ᠶᠢᠨ ᠪᠠᠶᠢᠴᠠᠭᠠᠯᠳᠠ ᠬᠢᠭᠰᠡᠨ᠃ ᠵᠠᠩ ᠪᠢᠨ ᠪᠦᠯᠬᠦᠮ ᠳᠠᠭᠠᠭᠤᠯᠤᠨ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠪᠠᠢᠴᠠᠭᠠᠯᠲᠠ ᠬᠢᠪᠡ᠃ ᠬᠤᠤ ᠱᠢ ᠸᠧᠶ | ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠭᠰᠠᠨ | ᠠᠵᠢᠯᠯᠠᠬᠤ ᠳᠤᠭᠤᠶᠢᠯᠠᠩ ᠢ ᠳᠠᠭᠠᠭᠤᠯᠤᠨ ᠭᠤᠤᠯᠳᠠᠯᠭ᠎ᠠ ᠲᠠᠢ ᠨᠢᠭᠡᠴᠡ᠂ ᠶᠢᠰᠦᠨ ᠪᠠᠭ᠎ᠠ ᠲᠠᠯᠠᠪᠤᠷ ᠭᠠᠵᠠᠷ ᠲᠤ | ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃ | 2 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠠᠷᠢᠭᠤᠨ ᠡᠯ᠎ᠡ ᠰᠤᠮᠤ ᠪᠠᠯᠭᠠᠰᠤᠨ ᠳᠤ | ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠪᠠ᠃ | 2 ᠰᠠᠷ᠎ᠠ ᠶᠢᠨ 26 ᠤ ᠡᠳᠦᠷ᠂ ᠵᠢᠶᠠᠩ ᠪᠢᠩ ᠵᠢᠶᠧ ᠬᠤᠰᠢᠭᠤᠨ ᠤ ᠡᠮᠴᠢᠯᠡᠭᠡᠨ ᠤ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠲᠥᠪ᠂ ᠣᠷᠭᠠᠨᠢᠭ ᠬᠤᠭ ᠨᠣᠪᠰᠢ ᠶᠢ ᠰᠢᠢᠳᠪᠦᠷᠢᠯᠡᠬᠦ ᠲᠥᠪ᠂ ᠬᠤᠭ ᠨᠣᠪᠰᠢ ᠶᠢ ᠢᠯᠭᠠᠬᠤ ᠲᠥᠪ | ᠵᠢᠴᠢ ᠬᠤᠭ ᠨᠣᠪᠰᠢ ᠪᠤᠯᠠᠬᠤ ᠭᠠᠵᠠᠷ ᠵᠡᠷᠭᠡ ᠭᠠᠵᠠᠷ ᠲᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ | ᠥᠷᠨᠢᠭᠦᠯᠪᠡ᠃ ᠱᠢᠶᠧ ᠹᠠᠩ ᠷᠧᠨ ᠪᠦᠯᠬᠦᠮ ᠳᠠᠭᠠᠭᠤᠯᠤᠨ ᠨᠡᠭᠦᠷᠡᠰᠦᠨ ᠤ ᠪᠤᠰᠤ ᠠᠭᠤᠷᠬᠠᠢ ᠪᠣᠯᠤᠨ ᠠᠶᠤᠯᠲᠠᠢ | ᠬᠢᠮᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠪᠠᠶᠢᠴᠠᠭᠠᠯᠲᠠ ᠬᠢᠪᠡ᠃ ᠵᠠᠩ ᠪᠢᠨ ᠳᠤᠭᠤᠶᠢᠯᠠᠩ | ᠳᠠᠭᠠᠭᠤᠯᠤᠨ ᠬᠤᠲᠠ ᠪᠠᠯᠭᠠᠰᠤᠨ ᠤ ᠰᠢᠲᠠᠮᠠᠬᠠᠶ ᠬᠡᠶ᠂ ᠪᠠᠷᠢᠯᠭ᠎ᠠ ᠶᠢᠨ ᠭᠠᠵᠠᠷ ᠤᠨ ᠬᠦᠷᠢᠶᠡᠨ ᠳᠠᠬᠢ ᠠᠮᠤᠷ | ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ᠃ ᠬᠤᠤ ᠱᠢ ᠸᠧᠢ ᠬᠠᠷᠢᠶ᠎ᠠ ᠣᠷᠣᠨ ᠤ ᠠᠶᠠᠨᠴᠢᠳ ᠤᠨ | ᠲᠡᠭᠡᠭᠡᠪᠦᠷᠢ ᠶᠢᠨ ᠠᠵᠤ ᠠᠬᠤᠶᠢᠯᠠᠯ᠂ ᠠᠶᠤᠯᠲᠠᠢ ᠬᠢᠮᠢ ᠶᠢᠨ ᠲᠡᠭᠡᠭᠡᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ | ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂ ᠡᠯ᠎ᠡ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠪᠤᠷ ᠤᠨ ᠤᠯᠠᠷᠢᠯ ᠤᠨ | ᠠᠶᠤᠯᠭᠦᠢ ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ᠂ ᠲᠡᠷᠭᠡ ᠬᠥᠰᠬᠡ ᠶᠢᠨ | ᠮᠡᠷᠭᠡᠵᠢᠯ ᠤᠨ ᠬᠠᠮᠢᠶᠠᠷᠤᠯᠲᠠ᠂ ᠠᠵᠢᠯᠯᠠᠵᠤ ᠪᠠᠶᠢᠭ᠎ᠠ ᠬᠥᠮᠦᠰ ᠤᠨ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ | ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃ | 2 ᠰᠠᠷ᠎ᠠ ᠶᠢᠨ 27 ᠤ ᠡᠳᠦᠷ᠂ ᠵᠢᠶᠠᠩ ᠪᠢᠩ ᠵᠢᠶᠧ ᠪᠦᠯᠬᠦᠮ ᠳᠠᠭᠠᠭᠤᠯᠤᠨ ᠲᠠᠩᠰᠤᠭᠪᠤᠯᠠᠭ ᠰᠤᠮᠤᠨ ᠳᠤ | ᠭᠦᠨᠵᠡᠭᠡᠶᠢᠷᠡᠵᠦ᠂ ᠬᠡᠰᠡᠭ ᠲᠣᠰᠣ ᠨᠡᠮᠡᠵᠦ ᠬᠡᠶ ᠨᠡᠮᠡᠬᠦ ᠥᠷᠲᠡᠭᠡ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ | ᠵᠦᠢᠯ ᠵᠢᠴᠢ ᠨᠡᠭᠦᠷᠡᠰᠦᠨ ᠤ ᠪᠤᠰᠤ ᠠᠭᠤᠷᠬᠠᠶ ᠶᠢᠨ ᠠᠵᠤ ᠠᠬᠤᠶᠢᠯᠠᠯ ᠳᠤ ᠠᠮᠤᠷ ᠲᠦᠪᠰᠢᠨ ᠤ ᠪᠠᠶᠢᠴᠠᠭᠠᠯᠲᠠ ᠬᠢᠪᠠ | ᠃ ᠰᠢᠶᠧ ᠹᠠᠩ ᠷᠧᠨ ᠳᠤᠭᠤᠶᠢᠯᠠᠩ ᠳᠠᠭᠠᠭᠤᠯᠤᠨ ᠬᠡᠰᠡᠭ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠳᠤ | ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠤᠳᠬᠠᠨᠴᠢᠮᠡᠭ ᠪᠦᠯᠬᠦᠮ | ᠳᠠᠭᠠᠭᠤᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ | ᠶᠡᠭᠡ ᠪᠠᠶᠢᠴᠠᠭᠠᠯᠲᠠ ᠶᠢ ᠥᠷᠨᠢᠭᠦᠯᠵᠦ᠂ ᠤᠷᠢᠳ ᠬᠤᠵᠢᠳ ᠰᠤᠷᠭᠠᠭᠤᠯᠢ ᠶᠢᠨ ᠬᠤᠭᠤᠯᠠᠨ ᠭᠡᠷ᠂ ᠶᠠᠪᠠᠷᠠᠢ ᠶᠢᠨ ᠠᠵᠤ | ᠦᠢᠯᠡᠳᠪᠦᠷᠢ ᠲᠥᠪᠯᠡᠷᠡᠭᠰᠡᠨ ᠲᠣᠭᠤᠷᠢᠭ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂ | ᠣᠨᠴᠠ ᠲᠦᠷᠦᠯ ᠤᠨ ᠲᠥᠬᠦᠭᠡᠷᠦᠮᠵᠢ ᠪᠣᠯᠤᠨ ᠢᠳᠡᠭᠡᠨ ᠡᠮ ᠤᠨ ᠵᠦᠢᠯ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠡᠢ᠃ ᠼᠤᠤ ᠢᠦᠢ ᠹᠸᠢ ᠦ᠋ ᠯᠢᠩ ᠴᠠᠬᠢᠯᠭᠠᠨ ᠬᠦᠴᠦ᠂ ᠬᠤᠸᠠ | ᠳ᠋ᠢᠶᠠᠨ ᠤ 15 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠰᠢᠨ᠎ᠡ ᠡᠨᠧᠷᠭᠢ ᠶᠢᠨ ᠠᠵᠤ | ᠠᠬᠤᠶᠢᠯᠠᠯ ᠪᠣᠯᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠠᠮᠤᠷ ᠲᠦᠪᠰᠢᠨ ᠤ | ᠪᠠᠶᠢᠴᠠᠭᠠᠯᠲᠠ ᠬᠢᠪᠡ᠃ ᠵᠠᠩ ᠪᠢᠨ ᠳᠤᠭᠤᠶᠢᠯᠠᠩ ᠳᠠᠭᠠᠭᠤᠯᠤᠨ ᠬᠤᠲᠠ ᠪᠠᠯᠭᠠᠰᠤᠨ ᠤ ᠰᠢᠲᠠᠮᠠᠬᠠᠶ ᠬᠡᠶ᠂ | ᠪᠠᠷᠢᠯᠭ᠎ᠠ ᠶᠢᠨ ᠭᠠᠵᠠᠷ ᠤᠨ ᠬᠦᠷᠢᠶᠡᠨ ᠳᠠᠬᠢ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ᠃ | 2 ᠰᠠᠷ᠎ᠠ ᠶᠢᠨ 28 ᠤ ᠡᠳᠦᠷ᠂ ᠰᠢᠶᠧ ᠹᠠᠩ ᠷᠧᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ | ᠴᠡᠭᠴᠡᠯᠡᠨ ᠵᠠᠰᠠᠬᠤ ᠠᠵᠢᠯ ᠤᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ | ᠰᠢᠶᠤᠤ ᠹᠧᠩ ᠵᠡᠷᠭᠡ ᠬᠥᠮᠦᠰ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠢ ᠬᠢᠨᠠᠨ ᠵᠢᠯᠣᠭᠤᠳᠴᠤ | ᠪᠠᠶᠢᠴᠠᠭᠠᠬᠤ ᠠᠵᠢᠯ ᠳᠤ ᠣᠷᠣᠯᠴᠠᠪᠠ᠃ ᠵᠠᠩ ᠪᠢᠨ ᠪᠠᠳᠠᠢ ᠶᠢᠨ ᠵᠢᠷᠠᠨ ᠪᠠᠯᠭᠠᠰᠤᠨ ᠤ ᠡᠷᠭᠢᠯᠲᠡ ᠶᠢᠨ ᠭᠡᠷ ᠤᠨ | ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠢᠷᠡᠨ ᠠᠶᠤᠯᠭᠦᠢ ᠶᠢᠨ | ᠪᠠᠢᠴᠠᠭᠠᠯᠲᠠ ᠬᠢᠪᠡ᠃ | 2 ᠰᠠᠷ᠎ᠠ ᠶᠢᠨ 28 ᠤ ᠡᠳᠦᠷ ᠠᠴᠠ 3 ᠰᠠᠷ᠎ᠠ ᠶᠢᠨ 1 ᠤ ᠡᠳᠦᠷ ᠪᠣᠯᠲᠠᠯ᠎ᠠ᠂ ᠵᠢᠶᠠᠩ ᠪᠢᠩ ᠵᠢᠶᠧ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠠᠮᠤᠷ ᠲᠦᠪᠰᠢᠨ ᠤ | ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠤᠨ ᠬᠤᠶᠠᠳᠤᠭᠠᠷ ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠰᠢᠶᠤᠤ ᠹᠧᠩ ᠵᠡᠷᠭᠡ ᠬᠥᠮᠦᠰ ᠮᠠᠨ ᠤ ᠬᠤᠰᠢᠭᠤᠨ ᠤ ᠠᠶᠤᠯᠭᠦᠶ | ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠳᠤ ᠣᠷᠣᠯᠴᠠᠪᠠ᠃ | 3 ᠰᠠᠷ᠎ᠠ ᠶᠢᠨ 1 ᠤ ᠡᠳᠦᠷ᠂ ᠰᠢᠶᠧ ᠹᠠᠩ ᠷᠧᠨ ᠠᠯᠠᠱᠠ ᠪᠠᠷᠠᠭᠤᠨ ᠬᠤᠰᠢᠭᠤᠨ ᠤ 2023 ᠣᠨ ᠤ | ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠲᠤᠰᠬᠠᠢ ᠲᠠᠯᠠᠪᠠᠢ ᠶᠢᠨ ᠵᠣᠯᠭᠠᠭᠤᠯᠬᠤ | ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠤᠳᠬᠠᠨᠴᠢᠮᠡᠭ ᠲᠠᠩᠰᠤᠭᠪᠤᠯᠠᠭ ᠰᠤᠮᠤ ᠶᠢᠨ ᠬᠢᠯᠢ | ᠬᠢᠵᠠᠭᠠᠷ ᠣᠷᠣᠨ ᠳᠤ ᠬᠦᠷᠴᠦ ᠴᠡᠷᠢᠭ ᠠᠴᠠ ᠬᠠᠯᠠᠭᠳᠠᠭᠰᠠᠳ ᠤᠨ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠵᠤ᠂ ᠲᠠᠩᠰᠤᠭᠪᠤᠯᠠᠭ ᠰᠤᠮᠤ ᠶᠢᠨ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠ ᠦᠢᠯᠡᠳᠤᠯ ᠢᠶᠠᠨ ᠪᠠᠳᠠᠷᠠᠭᠤᠯᠤᠭᠰᠠᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠦᠢᠯᠡᠴᠢᠯᠡᠭᠡᠨ ᠤ ᠲᠢᠩᠬᠢᠮ᠂ ᠢᠷᠠᠭᠤ ᠠᠯᠳᠠᠷ ᠤᠨ ᠲᠠᠰᠤᠭ ᠢ | ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠷᠠᠭᠠᠯᠵᠠᠯ ᠤᠨ ᠦᠨᠡᠮᠯᠡᠯ ᠢ ᠬᠦᠢᠴᠡᠳᠬᠡᠬᠦ ᠵᠢᠴᠢ ᠴᠡᠷᠢᠭ ᠠᠴᠠ | ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠠᠰᠠᠭᠤᠪᠠ᠃ | ᠵᠠᠩ ᠪᠢᠨ ᠪᠠᠳᠠᠶ ᠶᠢᠨ ᠵᠢᠷᠠᠨ ᠪᠠᠯᠭᠠᠰᠤ᠂ ᠶᠠᠪᠠᠷᠠᠢ ᠪᠠᠯᠭᠠᠰᠤᠨ ᠳᠤ ᠭᠦᠨᠵᠡᠭᠡᠶᠢᠷᠡᠨ ᠬᠤᠲᠠ ᠪᠠᠯᠭᠠᠰᠤᠨ ᠤ ᠤᠰᠤ | ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠤ ᠱᠢ ᠸᠧᠢ ᠬᠠᠷᠢᠶ᠎ᠠ | ᠣᠷᠣᠨ ᠤ ᠤᠯᠤᠰ ᠤᠨ ᠵᠠᠮ ᠤᠨ G307 ᠱᠤᠭᠤᠮ᠂ ᠮᠤᠵᠢ ᠶᠢᠨ ᠵᠠᠮ ᠤᠨ S311 ᠱᠤᠭᠤᠮ ᠳᠤ | ᠭᠦᠨᠵᠡᠭᠡᠶᠢᠷᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ | ᠵᠢᠯᠣᠭᠤᠳᠴᠤ ᠪᠠᠶᠢᠴᠠᠭᠠᠪᠠ᠃ | 3 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠠᠷᠢᠭᠤᠨ ᠥᠪᠡᠷᠲᠡᠭᠡᠨ ᠵᠠᠰᠠᠬᠤ ᠣᠷᠣᠨ ᠤ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠬᠡᠰᠡᠭ ᠵᠢᠭᠤᠯᠴᠢᠯᠠᠯ ᠤᠨ ᠦᠵᠡᠮᠵᠢ ᠶᠢᠨ ᠣᠷᠣᠨ ᠳᠤ | ᠭᠦᠨᠵᠡᠭᠡᠶᠢᠷᠡᠨ ᠪᠠᠳᠠᠢ ᠶᠢᠨ ᠵᠢᠷᠠᠨ ᠤ ᠡᠯᠡᠰᠦᠨ ᠴᠥᠯ ᠢ ᠳᠡᠯᠡᠬᠡᠶ ᠶᠢᠨ ᠪᠠᠶᠢᠭᠠᠯᠢ ᠶᠢᠨ ᠥᠪ ᠢᠶᠠᠷ ᠭᠤᠶᠤᠴᠢᠯᠠᠨ | ᠮᠡᠳᠡᠭᠦᠯᠬᠦ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠪᠡ᠃ | 3 ᠰᠠᠷ᠎ᠠ ᠶᠢᠨ 2 ᠤᠨ ᠡᠳᠦᠷ᠂ ᠵᠢᠶᠠᠩ ᠪᠢᠩ ᠵᠢᠶᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠭᠤᠷᠪᠠᠳᠤᠭᠠᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠨ ᠬᠤᠷᠠᠯᠳᠤᠭᠤᠯᠪᠠ᠃ ᠠᠯᠠᠱᠠ ᠪᠠᠷᠠᠭᠤᠨ ᠬᠤᠰᠢᠭᠤᠨ ᠤ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠬᠢᠯᠡᠨ | ᠬᠤᠷᠠᠯᠳᠤᠭᠤᠯᠪᠠ᠃ ᠬᠤᠤ ᠱᠢ ᠸᠧᠶ ᠮᠠᠨᠳᠤᠯ ᠲᠣᠮᠢᠯᠠᠭᠰᠠᠨ ᠰᠠᠯᠪᠤᠷᠢ᠂ ᠬᠦᠨᠬᠤᠤᠳᠤᠭ ᠲᠣᠮᠢᠯᠠᠭᠰᠠᠨ ᠰᠠᠯᠪᠤᠷᠢ ᠳᠤ | ᠭᠦᠨᠵᠡᠭᠡᠶᠢᠷᠡᠨ ᠪᠥᠬᠦ ᠤᠯᠤᠰ ᠤᠨ ︽ᠬᠤᠶᠠᠷ ᠬᠤᠷᠠᠯ︾ ᠤᠨ ᠠᠮᠤᠷ ᠢ ᠬᠠᠮᠠᠭᠠᠯᠠᠬᠤ ᠪᠠ ᠣᠶᠢᠷ᠎ᠠ ᠶᠢᠨ | ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | 3 ᠰᠠᠷ᠎ᠠ ᠶᠢᠨ 3 ᠤ ᠡᠳᠦᠷ᠂ ᠵᠢᠶᠠᠩ ᠪᠢᠩ ᠵᠢᠶᠧ ᠲᠠᠢ ᠯᠦᠩ ᠵᠠᠬ᠎ᠠ ᠳᠡᠯᠭᠡᠭᠦᠷ ᠲᠤ ᠬᠦᠷᠴᠦ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠬᠢᠨᠠᠨ ᠵᠢᠯᠣᠭᠤᠳᠴᠤ | ᠪᠠᠶᠢᠴᠠᠭᠠᠨ ᠰᠤᠳᠤᠯᠪᠠ᠃ ᠰᠢᠶᠧ ᠹᠠᠩ ᠷᠧᠨ ᠪᠦᠯᠬᠦᠮ ᠳᠠᠭᠠᠭᠤᠯᠤᠨ ᠲᠠᠩᠰᠤᠭᠪᠤᠯᠠᠭ ᠰᠤᠮᠤᠨ ᠳᠤ ᠭᠦᠨᠵᠡᠭᠡᠶᠢᠷᠡᠵᠦ | ᠂ ᠸᠠᠨ ᠱᠢ ᠳ᠋ᠡ ᠴᠠᠬᠢᠭᠤᠷ ᠴᠢᠯᠠᠭᠤᠨ ᠤ ᠠᠭᠤᠷᠬᠠᠶ᠂ ᠬᠥᠬᠡ ᠡᠷᠳᠡᠨᠢ ᠴᠠᠬᠢᠭᠤᠷ ᠴᠢᠯᠠᠭᠤᠨ ᠤ ᠠᠭᠤᠷᠬᠠᠶ᠂ ᠴᠠᠭᠠᠨ | ᠬᠠᠶᠢᠷᠬᠠᠨ ᠴᠠᠬᠢᠭᠤᠷ ᠴᠢᠯᠠᠭᠤᠨ ᠤ ᠠᠭᠤᠷᠬᠠᠶ ᠵᠡᠷᠭᠡ ᠠᠭᠤᠷᠬᠠᠶ ᠶᠢᠨ ᠣᠷᠣᠨ ᠤ ᠠᠶᠤᠯᠭᠦᠶ ᠦᠢᠯᠡᠳᠪᠦᠷᠢᠯᠡᠯ ᠵᠢᠴᠢ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠠᠵᠢᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠤᠳᠬᠠᠨᠴᠢᠮᠡᠭ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠦᠷ ᠴᠠᠭ ᠤᠨ ᠠᠪᠤᠷᠠᠨ ᠲᠤᠰᠠᠯᠠᠬᠤ ᠲᠤᠰᠬᠠᠶ ᠰᠡᠳᠦᠪᠲᠦ ᠬᠤᠷᠠᠯ ᠢ | ᠡᠷᠭᠢᠯᠡᠨ ᠬᠤᠷᠠᠯᠳᠤᠭᠤᠯᠪᠠ᠃ | 3 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠰᠢᠶᠧ ᠹᠠᠩ ᠷᠧᠨ ᠳᠤᠭᠤᠶᠢᠯᠠᠩ ᠳᠠᠭᠠᠭᠤᠯᠤᠨ | ᠠᠯᠠᠱᠠ ᠶᠢᠨ ᠲᠠᠩᠰᠤᠭᠪᠤᠯᠠᠭ ᠤᠨ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠳᠤ | ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠵᠤ᠂ ᠲᠤᠬᠠᠶ ᠶᠢᠨ | ᠲᠠᠯᠠᠪᠠᠶ ᠳᠤ ᠠᠶᠤᠯᠭᠦᠶ ᠦᠢᠯᠡᠳᠪᠦᠷᠢᠯᠡᠯ ᠤᠨ ᠲᠤᠬᠠᠶ ᠶᠢᠨ ᠲᠠᠯᠠᠪᠤᠷ ᠤᠨ ᠲᠣᠬᠢᠷᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠪᠠ ᠲᠠᠷᠠᠭᠠᠴᠢ ᠶᠢᠨ | ᠱᠠᠲᠤᠨ ᠤ ᠭᠤᠤᠯᠳᠠᠯᠭ᠎ᠠ ᠲᠠᠢ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ᠃ ᠠᠷᠢᠭᠤᠨ ᠡᠵᠡᠨ᠎ᠡ | ᠬᠤᠰᠢᠭᠤᠨ ᠳᠤ ᠬᠦᠷᠴᠦ ᠠᠯᠠᠱᠠ ᠶᠢᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠳᠠᠯ ᠢ ᠵᠣᠯᠭᠠᠭᠤᠯᠪᠠ᠃ | 3 ᠰᠠᠷ᠎ᠠ ᠶᠢᠨ 5 ᠤ ᠡᠳᠦᠷ᠂ ᠰᠢᠶᠧ ᠹᠠᠩ ᠷᠧᠨ ᠠᠯᠠᠱᠠ ᠶᠢᠨ ᠲᠠᠩᠰᠤᠭᠪᠤᠯᠠᠭ ᠤᠨ ᠪᠠᠶᠢᠭᠠᠯᠢ ᠶᠢᠨ | ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠳᠤ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠬᠠᠷᠢᠭᠤ | ᠲᠤᠰᠬᠠᠬᠤ ᠬᠤᠷᠠᠯ ᠬᠤᠷᠠᠯᠳᠤᠭᠤᠯᠵᠤ᠂ ᠲᠤᠬᠠᠶ ᠶᠢᠨ ᠲᠠᠯᠠᠪᠠᠶ ᠳᠤ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ | ᠬᠠᠷᠢᠭᠤ ᠲᠤᠰᠬᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠰᠠᠨᠠᠭᠤᠯᠤᠮᠵᠢ ᠪᠠᠭᠤᠯᠭᠠᠵᠤ᠂ ᠣᠶᠢᠷ᠎ᠠ ᠶᠢᠨ | ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | 3 ᠰᠠᠷ᠎ᠠ ᠶᠢᠨ 6 ᠤ ᠡᠳᠦᠷ᠂ ᠵᠢᠶᠠᠩ ᠪᠢᠩ ᠵᠢᠶᠧ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ | ᠠᠬᠤᠶ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠠᠷᠢᠭᠤᠨ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠬᠠᠮᠢᠶ᠎ᠠ ᠪᠦᠬᠦᠢ ᠬᠥᠮᠦᠰ ᠲᠤ ᠪᠠᠷ᠎ᠠ | ᠪᠣᠯᠵᠤ ᠠᠯᠠᠱᠠ ᠶᠢᠨ ᠤᠳᠤ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ | ᠬᠤᠷᠠᠯ ᠬᠤᠷᠠᠯᠳᠤᠭᠤᠯᠪᠠ᠃ | 3 ᠰᠠᠷ᠎ᠠ ᠶᠢᠨ 7 ᠤ ᠡᠳᠦᠷ᠂ ᠤᠳᠬᠠᠨᠴᠢᠮᠡᠭᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ | ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠭᠠᠨ ᠵᠢᠯᠣᠭᠤᠳᠪᠠ᠃ | 3 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠠᠷᠢᠭᠤᠨ ᠥᠪᠡᠷᠲᠡᠭᠡᠨ ᠵᠠᠰᠠᠬᠤ ᠣᠷᠣᠨ ᠤ | ᠵᠢᠷᠭᠤᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠳᠤ ᠪᠠᠷ᠎ᠠ ᠪᠣᠯᠵᠣ ᠠᠯᠲᠠᠨᠴᠤᠭ ᠰᠤᠮᠤ᠂ ᠪᠠᠳᠠᠢ ᠶᠢᠨ | ᠵᠢᠷᠠᠨ ᠪᠠᠯᠭᠠᠰᠤ᠂ ᠪᠠᠶᠠᠨᠭᠤᠣᠯ ᠰᠤᠮᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ | ᠪᠠᠶᠢᠴᠠᠭᠠᠪᠠ᠃ | 3 ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ᠂ ᠵᠢᠶᠠᠩ ᠪᠢᠩ ᠵᠢᠶᠧ ᠥᠪᠡᠷᠲᠡᠭᠡᠨ ᠵᠠᠰᠠᠬᠤ | ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠶᠢᠨ ᠳᠠᠷᠤᠭ᠎ᠠ᠂ ᠥᠪᠡᠷᠲᠡᠭᠡᠨ ᠵᠠᠰᠠᠬᠤ | ᠣᠷᠣᠨ ᠤ ᠠᠶᠤᠯ ᠦᠭᠡᠢ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠬᠤ ᠵᠢᠷᠭᠤᠳᠤᠭᠠᠷ ᠳᠤᠭᠤᠶᠢᠯᠠᠩ ᠤᠨ | ᠳᠡᠳ᠋ ᠳᠠᠷᠤᠭ᠎ᠠ ᠯᠢ ᠵᠢᠶᠦ᠋ᠨ ᠹᠧᠩ ᠵᠡᠷᠭᠡ ᠬᠥᠮᠦᠰ ᠮᠠᠨ ᠤ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠢ ᠬᠢᠨᠠᠨ | ᠵᠢᠯᠣᠭᠤᠳᠴᠤ ᠪᠠᠶᠢᠴᠠᠭᠠᠬᠤ ᠠᠵᠢᠯ ᠳᠤ ᠣᠷᠣᠯᠴᠠᠪᠠ᠃ | 3 ᠰᠠᠷ᠎ᠠ ᠶᠢᠨ 8 ᠤ ᠡᠳᠦᠷ᠂ ᠵᠠᠩ ᠪᠢᠨ ᠳᠤᠭᠤᠶᠢᠯᠠᠩ ᠳᠠᠭᠠᠭᠤᠯᠤᠨ ᠬᠡᠰᠡᠭ ᠪᠠᠷᠢᠯᠭ᠎ᠠ ᠶᠢᠨ ᠭᠠᠵᠠᠷ ᠲᠤ | ᠭᠦᠨᠵᠡᠭᠡᠶᠢᠷᠡᠨ ᠪᠠᠷᠢᠯᠭ᠎ᠠ ᠶᠢᠨ ᠠᠵᠢᠯ ᠤᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ᠃ | 3 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ᠂ ᠰᠢᠶᠧ ᠹᠠᠩ ᠷᠧᠨ ᠪᠡᠭᠡᠵᠢᠩ ᠤᠨ ᠳᠤᠮᠳᠠᠳᠤ | ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠳᠤ | ᠬᠦᠷᠴᠦ ᠠᠯᠠᠱᠠ ᠪᠠᠷᠠᠭᠤᠨ ᠬᠤᠰᠢᠭᠤᠨ ᠤ ᠨᠢᠰᠬᠡᠯ ᠤᠨ ᠪᠠᠭᠤᠳᠠᠯ ᠢ ᠥᠭᠡᠷᠡᠴᠢᠯᠡᠨ ᠲᠠᠰ ᠳᠡᠪᠰᠢᠭᠦᠯᠬᠦ ᠬᠠᠮᠢᠶ᠎ᠠ | ᠪᠥᠬᠦᠶ ᠠᠵᠢᠯ ᠢ ᠵᠣᠯᠭᠠᠭᠤᠯᠪᠠ᠃ | 3 ᠰᠠᠷ᠎ᠠ ᠶᠢᠨ 9 ᠤ ᠡᠳᠦᠷ᠂ ᠬᠤᠤ ᠱᠢ ᠸᠧᠢ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠬᠤ | ᠳᠤᠭᠤᠶᠢᠯᠠᠩ ᠳᠤ ᠪᠠᠷ᠎ᠠ ᠪᠤᠯᠵᠤ ᠴᠠᠭᠠᠨ ᠲᠦᠩᠭᠡ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠦᠷᠳᠡᠭᠡ ᠳᠤ | ᠭᠦᠨᠵᠡᠭᠡᠶᠢᠷᠡᠨ ᠪᠦᠬᠦ ᠤᠯᠤᠰ ᠤᠨ ︽ᠬᠤᠶᠠᠷ ᠬᠤᠷᠠᠯ︾ ᠤᠨ ᠠᠮᠤᠷ ᠢ ᠬᠠᠮᠠᠭᠠᠯᠠᠬᠤ ᠠᠵᠢᠯ ᠢ ᠬᠢᠨᠠᠨ ᠵᠢᠯᠣᠭᠤᠳᠴᠤ | ᠪᠠᠶᠢᠴᠠᠭᠠᠪᠠ᠃ | 3 ᠰᠠᠷ᠎ᠠ ᠶᠢᠨ 10 ᠤ ᠡᠳᠦᠷ᠂ ᠵᠢᠶᠠᠩ ᠪᠢᠩ ᠵᠢᠶᠧ ᠲᠠᠭᠠᠭᠤᠯᠤᠨ ᠵᠠᠬᠢᠳᠠᠯ ᠰᠤᠷᠪᠤᠯᠵᠢᠯᠠᠯ ᠢ ᠬᠦᠯᠢᠶᠡᠨ | ᠠᠪᠬᠤ ᠠᠵᠢᠯᠯᠠᠭ᠎ᠠ ᠥᠷᠨᠢᠭᠦᠯᠪᠡ︔ ᠾᠧ ᠰᠢ ᠳᠡᠭᠡᠳᠦ ᠰᠤᠷᠭᠠᠭᠤᠯᠢ ᠶᠢᠨ ᠬᠠᠷᠢᠶᠠᠲᠤ ᠵᠠᠩ ᠶᠧ᠂ ᠠᠷᠠᠳ ᠤᠨ | ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ ᠳᠠᠷᠤᠭ᠎ᠠ ᠴᠢᠶᠠᠨ ᠵᠢᠶᠦ᠋ᠨ ᠪᠦᠯᠬᠦᠮ | ᠳᠠᠭᠠᠭᠤᠯᠤᠨ ᠠᠯᠠᠱᠠ ᠪᠠᠷᠠᠭᠤᠨ ᠬᠤᠰᠢᠭᠤᠨ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠪᠡ᠃ | ᠰᠢᠶᠧ ᠹᠠᠩ ᠷᠧᠨ ᠾᠧ ᠰᠢ ᠳᠡᠭᠡᠳᠦ ᠰᠤᠷᠭᠠᠭᠤᠯᠢ ᠶᠢᠨ ᠬᠠᠷᠢᠶᠠᠲᠤ ᠵᠠᠩ ᠶᠧ ᠠᠷᠠᠳ ᠤᠨ ᠡᠮᠨᠡᠯᠭᠡ ᠶᠢᠨ ᠬᠤᠷᠢᠶ᠎ᠠ | ᠪᠣᠯᠤᠨ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠬᠤᠯᠪᠣᠭᠠᠲᠤ | ᠴᠣᠭᠴᠠ ᠵᠢᠴᠢ ᠲᠤᠰᠬᠠᠶ ᠮᠡᠷᠭᠡᠵᠢᠯ ᠤᠨ ᠬᠤᠯᠪᠣᠭ᠎ᠠ ᠲᠠᠢ ᠭᠡᠷ᠎ᠡ ᠲᠣᠭᠲᠠᠵᠤ ᠫᠠᠶᠢᠰᠠ ᠣᠯᠭᠤᠬᠤ ᠶᠣᠰᠣᠯᠠᠯ ᠢ | ᠡᠷᠭᠢᠯᠡᠪᠡ᠃ ᠼᠤᠤ ᠢᠦᠢ ᠹᠸᠢ ᠠᠯᠠᠱᠠ ᠪᠠᠷᠠᠭᠤᠨ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠥᠪᠵᠢᠭᠦᠯᠭᠡ ᠪᠣᠯᠤᠨ ᠠᠯᠠᠱᠠ ᠪᠠᠷᠠᠭᠤᠨ ᠬᠤᠰᠢᠭᠤᠨ ᠤ ᠠᠶᠢᠯ ᠲᠣᠰᠬᠤᠨ ᠤ ᠲᠥᠯᠥᠪᠵᠢᠭᠦᠯᠭᠡ ᠶᠢᠨ | ᠰᠠᠨᠠᠯ ᠬᠤᠷᠢᠶᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | 3 ᠰᠠᠷ᠎ᠠ ᠶᠢᠨ 12 ᠤᠨ ᠡᠳᠦᠷ᠂ ᠰᠢᠶᠧ ᠹᠠᠩ ᠷᠧᠨ ᠪᠦᠯᠬᠦᠮ ᠳᠠᠭᠠᠭᠤᠯᠤᠨ ᠤᠷᠢᠳ ᠬᠤᠵᠢᠳ ᠶᠠᠪᠠᠷᠠᠢ | ᠪᠠᠯᠭᠠᠰᠤ᠂ ᠠᠯᠲᠠᠨᠴᠤᠭ ᠰᠤᠮᠤ ᠪᠣᠯᠤᠨ ᠪᠠᠶᠠᠨᠭᠤᠣᠯ ᠰᠤᠮᠤᠨᠳᠤ ᠭᠦᠨᠵᠡᠭᠡᠶᠢᠷᠡᠵᠦ᠂ ᠬᠡᠰᠡᠭ ᠴᠠᠬᠢᠭᠤᠷ ᠴᠢᠯᠠᠭᠤᠨ ᠤ | ᠠᠭᠤᠷᠬᠠᠢ ᠶᠢᠨ ᠣᠷᠣᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠰᠢᠩ ᠶᠠ ᠬᠢᠮᠢ ᠶᠢᠨ ᠠᠵᠤ | ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠶᠤᠯᠲᠠᠢ ᠬᠢᠮᠢ ᠶᠢᠨ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ | 3 ᠰᠠᠷ᠎ᠠ ᠶᠢᠨ 13 ᠤ ᠡᠳᠤᠷ᠂ ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠨᠢᠰᠬᠡᠯ ᠤᠨ | ᠪᠠᠭᠤᠳᠠᠯ ᠤᠨ ᠳᠡᠰ ᠳᠡᠪᠰᠢᠭᠰᠡᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠠᠵᠢᠯ ᠢ ᠵᠤᠯᠭᠠᠭᠤᠯᠪᠠ᠃ | 3 ᠰᠠᠷ᠎ᠠ ᠶᠢᠨ 13 ᠤ ᠡᠳᠦᠷ ᠠᠴᠠ 17 ᠤ ᠡᠳᠦᠷ᠂ ᠵᠠᠩ ᠪᠢᠨ ᠪᠦᠬᠦ ᠠᠶᠢᠮᠠᠭ ᠤᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ | ᠡᠭᠡᠯᠵᠢᠯᠡᠨ ᠪᠣᠯᠪᠠᠰᠤᠷᠠᠭᠤᠯᠬᠤ ᠠᠩᠬᠢ ᠳᠤ ᠣᠷᠣᠯᠴᠠᠪᠠ᠃ ᠠᠷᠢᠭᠤᠨ ᠬᠥᠬᠡᠬᠤᠲᠠ ᠳᠤ ᠬᠦᠷᠴᠦ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ | ᠵᠡᠷᠭᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠢ ᠵᠣᠯᠭᠠᠭᠤᠯᠪᠠ᠃ | 3 ᠰᠠᠷ᠎ᠠ ᠶᠢᠨ 14 ᠤ ᠡᠳᠦᠷ᠂ ᠵᠢᠶᠠᠩ ᠪᠢᠩ ᠵᠢᠶᠧ ᠬᠤᠰᠢᠭᠤᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ︔ ᠠᠯᠠᠱᠠ ᠪᠠᠷᠠᠭᠤᠨ | ᠬᠤᠰᠢᠭᠤᠨ ᠤ ᠨᠢᠰᠬᠡᠯ ᠤᠨ ᠪᠠᠭᠤᠳᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ ᠠᠬᠢᠭᠤᠯᠤᠭᠰᠠᠨ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠤᠳᠬᠠᠨᠴᠢᠮᠡᠭ 2023 ᠣᠨ ᠤ ᠳᠡᠭᠡᠷ᠎ᠡ ᠬᠠᠭᠠᠰ ᠵᠢᠯ ᠤᠨ | ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠣᠯᠪᠠᠰᠤᠷᠠᠯ ᠤᠨ ᠠᠩᠭᠢ ᠳᠤ | ᠣᠷᠣᠯᠴᠠᠵᠤ ᠪᠠᠶᠠᠷ ᠤᠨ ᠦᠭᠡ ᠬᠡᠯᠡᠪᠡ᠃ | 3 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ᠂ ᠼᠤᠤ ᠢᠦᠢ ᠹᠸᠢ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠳᠤ ᠬᠦᠷᠴᠦ ᠶᠠᠪᠠᠷᠠᠢ ᠶᠢᠨ ᠠᠵᠤ | ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠬᠤ | ᠬᠠᠮᠢᠶ᠎ᠠ ᠪᠦᠬᠦᠢ ᠶᠠᠪᠤᠳᠠᠯ ᠢ ᠵᠣᠯᠭᠠᠭᠤᠯᠪᠠ᠃ | 3 ᠰᠠᠷ᠎ᠠ ᠶᠢᠨ 15 ᠤ ᠡᠳᠦᠷ᠂ ᠰᠢᠶᠧ ᠹᠠᠩ ᠷᠧᠨ ᠠᠯᠠᠱᠠ ᠪᠠᠷᠠᠭᠤᠨ ᠬᠤᠰᠢᠭᠤᠨ ᠤ 2023 ᠣᠨ ᠤ | ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ ᠵᠢᠴᠢ ᠨᠢᠭᠡᠳᠦᠭᠡᠷ ᠤᠯᠠᠷᠢᠯ ᠤᠨ ᠠᠵᠤ | ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ︔ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ︔ ᠸᠢᠳᠢᠣ᠋ ᠪᠠᠷ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠲᠣᠬᠢᠷᠠᠭᠤᠯᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠤᠬᠠᠭᠤᠯᠭ᠎ᠠ ᠶᠢᠨ ᠹᠢᠯᠢᠮ ᠢ ᠰᠡᠭᠦᠳᠡᠷᠯᠡᠨ ᠦᠢᠯᠡᠳᠬᠦ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠤᠨ | ᠪᠠᠶᠢᠷᠢᠯᠠᠭᠤᠯᠪᠠ᠃ | 3 ᠰᠠᠷ᠎ᠠ ᠶᠢᠨ 15 ᠤ ᠡᠳᠦᠷ ᠠᠴᠠ 19 ᠤ ᠡᠳᠦᠷ ᠪᠣᠯᠲᠠᠯ᠎ᠠ᠂ ᠤᠳᠬᠠᠨᠴᠢᠮᠡᠭ ᠬᠤᠰᠢᠭᠤᠨ ᠤ ᠠᠷᠠᠳ ᠤᠨ | ᠶᠠᠪᠤᠳᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠢ ᠳᠠᠭᠠᠭᠤᠯᠤᠨ ᠪᠠᠶᠠᠨᠨᠠᠭᠤᠷ ᠬᠤᠲᠠ᠂ ᠣᠷᠳᠣᠰ ᠬᠤᠲᠠ ᠳᠤ ᠬᠦᠷᠴᠦ ᠡᠮᠴᠢᠯᠡᠭᠡ ᠰᠤᠪᠢᠯᠠᠯᠲᠠ | ᠡᠷᠡᠭᠦᠯᠵᠢᠯ ᠤᠨ ᠵᠢᠱᠢᠶ᠎ᠡ ᠦᠵᠡᠭᠦᠯᠬᠦ ᠣᠷᠣᠨ ᠤ ᠲᠡᠷᠢᠭᠦᠨ ᠤ ᠲᠤᠷᠰᠢᠯᠭ᠎ᠠ ᠶᠢ ᠰᠢᠨᠵᠢᠯᠡᠨ ᠪᠠᠶᠢᠴᠠᠭᠠᠪᠠ᠃ | 3 ᠰᠠᠷ᠎ᠠ ᠶᠢᠨ 16 ᠤ ᠡᠳᠦᠷ᠂ ᠵᠢᠶᠠᠩ ᠪᠢᠩ ᠵᠢᠶᠧ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠳᠤ ᠬᠦᠷᠴᠦ ᠰᠣᠶᠣᠯ ᠵᠢᠭᠤᠯᠴᠢᠯᠠᠯ ᠤᠨ ᠠᠵᠢᠯ ᠢ ᠪᠠᠶᠢᠴᠠᠭᠠᠨ ᠰᠤᠳᠤᠯᠪᠠ᠃ ᠰᠢᠶᠧ ᠹᠠᠩ | ᠷᠧᠨ ᠶᠠᠪᠠᠷᠠᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠳᠤ ᠭᠦᠨᠵᠡᠭᠡᠶᠢᠷᠡᠵᠦ᠂ ᠯᠠᠨ ᠺᠧ ᠠᠮᠢᠳᠤ ᠪᠣᠳᠠᠰ᠂ | ᠢᠦᠢ ᠴᠧᠨ ᠷᠦᠨ ᠡᠮ ᠡᠮᠨᠡᠯᠭᠡ᠂ ᠴᠢ ᠲᠠᠢ ᠬᠢᠮᠢ᠂ ᠨᠠᠨ ᠯᠦᠩ ᠬᠢᠮᠢ ᠵᠡᠷᠭᠡ ᠭᠤᠣᠯᠳᠠᠯᠭ᠎ᠠ ᠲᠠᠢ ᠬᠢᠮᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠢᠶᠠᠷ ᠲᠣᠭᠤᠷᠢᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ᠂ ᠦᠢᠯᠡᠳᠬᠦᠨ ᠤ ᠪᠣᠷᠣᠯᠠᠭᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠵᠤ ᠠᠬᠤᠢ ᠶᠢᠨ ᠠᠵᠢᠯᠯᠠᠭᠠᠨ ᠤ ᠠᠵᠢᠯ ᠢ ᠲᠤᠬᠢᠷᠠᠭᠤᠯᠪᠠ᠃ | | 3 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠼᠤᠤ ᠢᠦᠶ ᠹᠸᠢ ᠰᠢ ᠠᠨ ᠬᠤᠲᠠ ᠳᠤ | ᠬᠦᠷᠴᠦ ᠱᠠᠨᠰᠢ ᠶᠢᠨ ᠴᠢᠯᠠᠭᠤᠨ ᠲᠣᠰᠣᠨ ᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠭᠤᠷᠬᠠᠶ ᠶᠢᠨ ᠡᠷᠬᠡ ᠶᠢ ᠪᠠᠭᠠᠰᠬᠠᠬᠤ ᠬᠠᠮᠢᠶ᠎ᠠ ᠪᠥᠬᠦᠶ ᠤᠴᠢᠷ | ᠶᠠᠪᠤᠳᠠᠯ ᠢ ᠵᠥᠪᠳᠡᠯᠴᠡᠪᠡ᠃ | 3 ᠰᠠᠷ᠎ᠠ ᠶᠢᠨ 19 ᠤ ᠡᠳᠦᠷ᠂ ᠰᠢᠶᠧ ᠹᠠᠩ ᠷᠧᠨ ᠠᠯᠠᠱᠠ ᠶᠢᠨ ᠲᠠᠩᠰᠤᠭᠪᠤᠯᠠᠭ ᠤᠨ ᠪᠠᠶᠢᠭᠠᠯᠢ ᠶᠢᠨ | ᠬᠤᠵᠢᠷ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ | ᠲᠠᠯᠠᠪᠠᠶ ᠳᠤ ᠭᠦᠨᠵᠡᠭᠡᠶᠢᠷᠡᠵᠦ᠂ 2023 ᠣᠨ ᠤ ᠪᠥᠬᠦ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ᠠᠵᠢᠯ | ᠡᠬᠢᠯᠡᠭᠦᠯᠬᠦ ᠶᠣᠰᠣᠯᠠᠯ ᠤᠨ ᠪᠡᠯᠡᠳᠬᠡᠯ ᠠᠵᠢᠯ ᠢ ᠲᠤᠬᠠᠶ ᠶᠢᠨ ᠭᠠᠵᠠᠷ ᠲᠤᠨᠢ ᠳᠣᠭᠢᠷᠠᠭᠤᠯᠪᠠ᠃ | 3 ᠰᠠᠷ᠎ᠠ ᠶᠢᠨ 20 ᠤ ᠡᠳᠦᠷ᠂ ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠨ ᠪᠡᠭᠡᠵᠢᠩ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︵ᠪᠡᠭᠡᠵᠢᠩ ᠲᠢᠶᠠᠨᠵᠢᠨ ᠾᠧᠪᠧᠶ ᠣᠷᠣᠨ︶ ᠲᠠᠨᠢᠯᠴᠠᠭᠤᠯᠭ᠎ᠠ ᠵᠢᠴᠢ | ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ︔ ᠤᠯᠤᠰ ᠤᠨ ᠴᠠᠬᠢᠯᠭᠠᠨ ᠬᠦᠴᠦᠨ ᠤ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ | ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠥᠬᠦᠶ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠪᠠ᠃ | 3 ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠵᠠᠩ ᠪᠢᠨ ᠪᠡᠭᠡᠵᠢᠩ ᠳᠤ ᠬᠦᠷᠴᠦ | ᠠᠯᠠᠱᠠ ᠪᠠᠷᠠᠭᠤᠨ ᠬᠤᠰᠢᠭᠤᠨ ᠤ ᠪᠠᠳᠠᠶ ᠶᠢᠨ ᠵᠢᠷᠠᠨ ᠤ ᠡᠯᠡᠰᠦᠨ ᠴᠥᠯ ᠤᠨ ᠦᠵᠡᠮᠵᠢ ᠶᠢᠨ ᠣᠷᠣᠨ ᠢ ᠤᠯᠤᠰ ᠤᠨ | 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠬᠠᠮᠢᠶ᠎ᠠ ᠪᠥᠬᠦᠶ ᠠᠵᠢᠯ ᠢ | ᠵᠣᠯᠭᠠᠭᠤᠯᠪᠠ᠃ | 3 ᠰᠠᠷ᠎ᠠ ᠶᠢᠨ 20 ᠤ ᠡᠳᠦᠷ ᠠᠴᠠ 24 ᠤ ᠡᠳᠦᠷ ᠪᠣᠯᠲᠠᠯ᠎ᠠ᠂ ᠰᠢᠶᠧ ᠹᠠᠩ ᠷᠧᠨ ᠬᠤᠰᠢᠭᠤ ᠭᠠᠵᠠᠷ ᠤᠨ | ᠲᠠᠰ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ | ᠣᠷᠣᠯᠴᠠᠪᠠ᠃ ᠤᠳᠬᠠᠨᠴᠢᠮᠡᠭ ᠬᠤᠰᠢᠭᠤ ᠲᠡᠰ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ | ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠪᠠ᠃ ᠬᠤᠤ ᠱᠢ ᠸᠧᠢ ᠬᠤᠰᠢᠭᠤ ᠲᠡᠰ ᠤᠨ ᠤᠳᠤᠷᠢᠳᠬᠤ | ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠪᠠ᠃ | 3 ᠳ᠋ᠤᠭᠠᠷ ᠰᠠᠷ᠎ᠠ ᠶᠢᠨ 20 ᠤ ᠡᠳᠦᠷ ᠠᠴᠠ 25 ᠤ ᠡᠳᠦᠷ ᠪᠣᠯᠲᠠᠯ᠎ᠠ᠂ ᠼᠤᠤ ᠢᠦᠶ ᠹᠸᠢ ᠠᠯᠠᠱᠠ ᠶᠢᠨ | ᠲᠠᠩᠰᠤᠭᠪᠤᠯᠠᠭ ᠤᠨ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠳᠤ ᠬᠦᠷᠴᠦ ᠲᠤᠬᠠᠶ ᠶᠢᠨ | ᠲᠠᠯᠠᠪᠠᠶ ᠳᠤ 2023 ᠣᠨ ᠤ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ | ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠤᠨ ᠠᠯᠠᠱᠠ ᠠᠶᠢᠮᠠᠭ ᠤᠨ ᠬᠤᠪᠢᠶᠠᠷᠢ ᠬᠤᠷᠠᠯ ᠤᠨ ᠲᠠᠯᠠᠪᠠᠶ ᠶᠢᠨ | ᠪᠡᠯᠡᠳᠬᠡᠯ ᠠᠵᠢᠯ ᠳᠤ ᠲᠣᠬᠢᠷᠠᠭᠤᠯᠤᠯᠲᠠ ᠬᠢᠪᠠ᠃ | 3 ᠰᠠᠷ᠎ᠠ ᠶᠢᠨ 21 ᠤ ᠡᠳᠦᠷ᠂ ᠵᠢᠶᠠᠩ ᠪᠢᠩ ᠵᠢᠶᠧ ᠥᠪᠡᠷᠲᠡᠭᠡᠨ ᠵᠠᠰᠠᠬᠤ ᠣᠷᠣᠨ ᠤ ᠠᠷᠠᠳ ᠤᠨ | ᠠᠭᠠᠷ ᠤᠨ ᠲᠡᠭᠡᠭᠡᠪᠦᠷᠢ ᠶᠢᠨ ᠪᠦᠯᠦᠭᠯᠡᠯ ᠲᠠᠢ ᠠᠯᠠᠱᠠ ᠪᠠᠷᠠᠭᠤᠨ ᠬᠤᠰᠢᠭᠤᠨ ᠤ ᠨᠢᠰᠬᠡᠯ ᠤᠨ ᠪᠠᠭᠤᠳᠠᠯ ᠤᠨ ᠲᠠᠰ | ᠳᠡᠪᠰᠢᠭᠰᠡᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠬᠠᠮᠢᠶ᠎ᠠ ᠪᠥᠬᠦᠶ ᠠᠵᠢᠯ ᠢ ᠵᠣᠯᠭᠠᠭᠤᠯᠪᠠ᠃ | 3 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠠᠷᠢᠭᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠪᠠ ᠲᠣᠬᠢᠷᠠᠭᠤᠯᠤᠯᠲᠠ ᠬᠢᠵᠦ ᠰᠢᠯᠭᠠᠨ | ᠪᠠᠶᠢᠴᠠᠭᠠᠬᠤ ᠳᠤᠭᠤᠶᠢᠯᠠᠩ ᠲᠠᠢ ᠬᠠᠮᠲᠤᠷᠠᠨ ᠪᠥᠬᠦ ᠬᠤᠰᠢᠭᠤᠨ ᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ | ᠲᠣᠭᠲᠠᠭᠠᠬᠤ ᠪᠠ ᠲᠣᠬᠢᠷᠠᠭᠤᠯᠤᠯᠲᠠ ᠬᠢᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠬᠤ ᠶᠢᠨ ᠬᠠᠮᠲᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠃ | 3 ᠰᠠᠷ᠎ᠠ ᠶᠢᠨ 22 ᠤᠨ ᠡᠳᠦᠷ᠂ ᠵᠢᠶᠠᠩ ᠪᠢᠩ ᠵᠢᠶᠧ ᠠᠯᠠᠱᠠ ᠶᠢᠨ ᠲᠠᠩᠰᠤᠭᠪᠤᠯᠠᠭ ᠤᠨ ᠪᠥᠸᠧ ᠶᠤᠸᠠᠨ | ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ | ᠲᠠᠯᠠᠪᠠᠶ ᠳᠤ ᠭᠦᠨᠵᠡᠭᠡᠶᠢᠷᠡᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ | ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠤᠨ ᠠᠯᠠᠱᠠ ᠠᠶᠢᠮᠠᠭ ᠤᠨ | ᠬᠤᠪᠢᠶᠠᠷᠢ ᠬᠤᠷᠠᠯ ᠤᠨ ᠲᠠᠯᠠᠪᠠᠶ ᠶᠢᠨ ᠪᠡᠯᠡᠳᠬᠡᠯ ᠠᠵᠢᠯ ᠢ ᠳᠣᠭᠢᠷᠠᠭᠤᠯᠤᠨ ᠵᠢᠯᠣᠭᠤᠳᠪᠠ᠃ | 3 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠠᠷᠢᠭᠤᠨ ᠡᠳ᠋ ᠤᠨ ᠵᠠᠰᠠᠭ ᠤᠨ ᠶᠠᠮᠤᠨ ᠤ | ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠬᠠᠶ ᠬᠢᠨᠠᠨ ᠪᠠᠶᠢᠴᠠᠭᠠᠬᠤ ᠴᠡᠭ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠲᠠᠢ ᠬᠠᠮᠲᠤᠷᠠᠨ ᠪᠥᠬᠦ ᠬᠤᠰᠢᠭᠤᠨ ᠤ | ᠡᠳ᠋ ᠤᠨ ᠵᠠᠰᠠᠭ ᠤᠨ ᠠᠵᠢᠯᠯᠠᠭᠠᠨ ᠵᠢᠴᠢ 2022 ᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ | ᠰᠢᠨ᠎ᠡ ᠪᠠᠷ ᠨᠡᠮᠡᠭᠳᠡᠭᠰᠡᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠨ | ᠰᠤᠳᠤᠯᠪᠠ᠃ | 3 ᠰᠠᠷ᠎ᠠ ᠶᠢᠨ 23 ᠤ ᠡᠳᠦᠷ᠂ ᠵᠠᠩ ᠪᠢᠨ ᠠᠷᠪᠠᠨ ᠳᠣᠯᠣᠳᠤᠭᠠᠷ ᠬᠤᠭᠤᠴᠠᠭᠠᠨ ᠤ ᠬᠡᠬᠡᠷᠯᠡᠨ ᠠᠶᠠᠯᠠᠬᠤ e | ᠠᠩᠬᠢ ᠶᠢᠨ ᠪᠠᠭᠠᠲᠤᠷᠴᠤᠳ ᠤᠨ ᠴᠤᠭᠯᠠᠭᠠᠨ ᠤ ᠡᠮᠦᠨᠡᠬᠢ ᠬᠤᠭᠤᠴᠠᠭᠠᠨ ᠤ ᠳᠠᠶᠢᠴᠢᠯᠠᠯᠲᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ | 3 ᠰᠠᠷ᠎ᠠ ᠶᠢᠨ 24 ᠤ ᠡᠳᠦᠷ᠂ ᠵᠢᠶᠠᠩ ᠪᠢᠩ ᠵᠢᠶᠧ ᠲᠡᠮᠡᠭᠡᠨ ᠤ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠠᠷᠢᠭᠤᠨ ᠠᠶᠢᠮᠠᠭ ᠤᠨ ᠨᠠᠮ ᠤᠨ | ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ︵ᠸᠢᠳᠢᠣ᠋︶ ᠳᠤ ᠣᠷᠣᠯᠴᠠᠵᠠᠢ︔ ᠲᠠᠷᠢᠶᠠᠯᠠᠩ | ᠮᠠᠯ ᠠᠵᠤ ᠠᠬᠤᠶ ᠣᠶ ᠰᠢᠭᠤᠶ ᠤᠰᠤᠨ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ ᠠᠯᠠᠱᠠ ᠪᠠᠷᠠᠭᠤᠨ ᠬᠤᠰᠢᠭᠤᠨ ᠤ 2023 ᠣᠨ ᠤ ᠳᠡᠭᠡᠷ᠎ᠡ ᠬᠠᠭᠠᠰ | ᠵᠢᠯ ᠳᠤ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠶ ᠶᠢᠨ ᠦᠷ᠎ᠡ ᠠᠰᠢᠭ ᠤᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ ᠰᠢᠨ᠎ᠡ ᠪᠠᠷ ᠨᠡᠮᠡᠭᠳᠡᠭᠰᠡᠨ ᠬᠥᠮᠦᠰ ᠤᠨ ︽ᠭᠤᠷᠪᠠᠨ | ᠱᠠᠲᠤᠨ ᠤ ᠬᠠᠮᠲᠤᠷᠠᠨ ᠬᠢᠨᠠᠬᠤ︾ ᠠᠵᠢᠯ ᠤᠨ ᠬᠤᠷᠠᠯ ᠵᠢᠴᠢ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠭᠰᠡᠨ ᠬᠥᠮᠦᠰ ᠤᠨ ᠬᠢᠨᠠᠨ | ᠬᠠᠷᠭᠤᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | 3 ᠳ᠋ᠤᠭᠠᠷ ᠰᠠᠷ᠎ᠠ ᠶᠢᠨ 24 ᠤ ᠡᠳᠦᠷ ᠠᠴᠠ 26 ᠤ ᠡᠳᠦᠷ᠂ ᠵᠠᠩ ᠪᠢᠨ ᠠᠯᠠᠱᠠ ᠶᠢᠨ ᠲᠠᠩᠰᠤᠭᠪᠤᠯᠠᠭ ᠤᠨ | ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠳᠤ ᠬᠦᠷᠴᠦ 2023 ᠣᠨ ᠤ ᠥᠪᠡᠷᠲᠡᠭᠡᠨ | ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ | ᠶᠣᠰᠣᠯᠠᠯ ᠤᠨ ᠠᠯᠠᠱᠠ ᠠᠶᠢᠮᠠᠭ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠪᠡᠯᠡᠳᠬᠡᠯ ᠠᠵᠢᠯ ᠳᠤ ᠲᠤᠬᠠᠶ ᠶᠢᠨ | ᠲᠠᠯᠠᠪᠠᠶ ᠳᠤ ᠲᠣᠬᠢᠷᠠᠭᠤᠯᠤᠯᠲᠠ ᠬᠢᠪᠠ᠃ | 3 ᠰᠠᠷ᠎ᠠ ᠶᠢᠨ 25 ᠤ ᠡᠳᠦᠷ᠂ ᠰᠢᠶᠧ ᠹᠠᠩ ᠷᠧᠨ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠤᠲᠠ | ᠰᠢᠶᠠᠨ ᠤ ᠨᠠᠮ ᠵᠠᠰᠠᠭ ᠤᠨ ᠵᠢᠩᠬᠢᠨᠢ ᠲᠤᠰᠢᠶᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠦᠯᠵᠢᠶᠡᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃ | 3 ᠰᠠᠷ᠎ᠠ ᠶᠢᠨ 27 ᠤ ᠡᠳᠦᠷ᠂ ᠰᠢᠶᠧ ᠹᠠᠩ ᠷᠧᠨ ᠠᠵᠢᠯ ᠣᠯᠵᠤ ᠠᠳᠠᠯ ᠦᠢᠯᠡᠰ ᠴᠣᠭᠴᠠᠯᠠᠬᠤ ᠵᠠᠬ᠎ᠠ | ᠳᠡᠯᠭᠡᠭᠦᠷ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠪᠠ | ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ︔ ᠠᠯᠠᠱᠠ ᠪᠠᠷᠠᠭᠤᠨ | ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ | ᠨᠠᠶᠢᠳᠠᠪᠤᠷᠢᠵᠢᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | 3 ᠳ᠋ᠤᠭᠠᠷ ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ᠂ ᠵᠠᠩ ᠪᠢᠨ ᠠᠯᠠᠱᠠ ᠶᠢᠨ | ᠲᠠᠩᠰᠤᠭᠪᠤᠯᠠᠭ ᠤᠨ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠳᠤ ᠬᠦᠷᠴᠦ 2023 ᠣᠨ ᠤ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠤᠨ ᠠᠵᠢᠯ | ᠡᠬᠢᠯᠡᠭᠦᠯᠬᠦ ᠶᠣᠰᠣᠯᠠᠯ ᠤᠨ ᠠᠯᠠᠱᠠ ᠠᠶᠢᠮᠠᠭ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠪᠡᠯᠡᠳᠬᠡᠯ ᠠᠵᠢᠯ ᠳᠤ | ᠲᠤᠬᠠᠶ ᠶᠢᠨ ᠲᠠᠯᠠᠪᠠᠶ ᠳᠤ ᠲᠣᠬᠢᠷᠠᠭᠤᠯᠤᠯᠲᠠ ᠬᠢᠪᠠ᠃ | 3 ᠰᠠᠷ᠎ᠠ ᠶᠢᠨ 27 ᠤ ᠡᠳᠦᠷ ᠠᠴᠠ 31 ᠤ ᠡᠳᠦᠷ ᠪᠣᠯᠲᠠᠯ᠎ᠠ᠂ ᠵᠢᠶᠠᠩ ᠪᠢᠩ ᠵᠢᠶᠧ ᠠᠶᠢᠮᠠᠭ ᠤᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠬᠤᠰᠢᠭᠤ ᠭᠠᠵᠠᠷ ᠤᠨ ᠲᠠᠰ ᠤᠨ ᠤᠳᠤᠷᠢᠳᠬᠤ ᠺᠠᠳ᠋ᠷ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ | ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠪᠠ᠃ ᠼᠤᠤ ᠢᠦᠢ ᠹᠸᠢ ᠠᠶᠢᠮᠠᠭ ᠤᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠬᠤᠰᠢᠭᠤ ᠭᠠᠵᠠᠷ ᠤᠨ ᠲᠡᠰ ᠤᠨ ᠤᠳᠤᠷᠢᠳᠬᠤ ᠺᠠᠳ᠋ᠷ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ | ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠳᠤ ᠣᠷᠣᠯᠴᠠᠪᠠ᠃ ᠠᠷᠢᠭᠤᠨ ᠠᠶᠢᠮᠠᠭ ᠤᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠬᠤᠰᠢᠭᠤ ᠭᠠᠵᠠᠷ ᠤᠨ ᠲᠠᠰ ᠤᠨ ᠤᠳᠤᠷᠢᠳᠬᠤ ᠺᠠᠳ᠋ᠷ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ | ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠪᠠ᠃ ᠰᠢᠤᠸᠠᠢ ᠢᠦᠢ ᠪᠤᠭᠤᠲᠤ ᠶᠢᠨ ᠡᠮᠨᠡᠯᠭᠡ ᠶᠢᠨ | ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠬᠦᠷᠴᠦ ᠡᠮ | ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠵᠣᠬᠢᠴᠠᠭᠤᠯᠤᠨ | ᠵᠣᠯᠭᠠᠭᠤᠯᠪᠠ᠃ | 3 ᠳ᠋ᠤᠭᠠᠷ ᠰᠠᠷ᠎ᠠ ᠶᠢᠨ 28 ᠤ ᠡᠳᠦᠷ ᠠᠴᠠ 31 ᠤ ᠡᠳᠦᠷ ᠪᠣᠯᠲᠠᠯ᠎ᠠ᠂ ᠰᠢᠶᠧ ᠹᠠᠩ ᠷᠧᠨ ᠠᠯᠠᠱᠠ ᠶᠢᠨ | ᠲᠠᠩᠰᠤᠭᠪᠤᠯᠠᠭ ᠤᠨ ᠪᠥᠸᠧ ᠶᠤᠸᠠᠨ ᠪᠠᠶᠢᠭᠠᠯᠢ ᠶᠢᠨ ᠬᠤᠵᠢᠷ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ | ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 | ᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ | ᠶᠣᠰᠣᠯᠠᠯ ᠤᠨ ᠠᠯᠠᠱᠠ ᠠᠶᠢᠮᠠᠭ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠪᠡᠯᠡᠳᠬᠡᠯ ᠠᠵᠢᠯ ᠳᠤ ᠲᠤᠬᠠᠶ ᠶᠢᠨ | ᠭᠠᠵᠠᠷ ᠲᠤᠨᠢ ᠲᠣᠬᠢᠷᠠᠭᠤᠯᠤᠯᠲᠠ ᠬᠢᠪᠠ᠃ | 3 ᠰᠠᠷ᠎ᠠ ᠶᠢᠨ 29 ᠤ ᠡᠳᠦᠷ᠂ ᠤᠳᠬᠠᠨᠴᠢᠮᠡᠭ ᠠᠯᠠᠱᠠ ᠪᠠᠷᠠᠭᠤᠨ ᠬᠤᠰᠢᠭᠤᠨ ᠤ ᠠᠩᠬᠠᠳᠠᠭᠴᠢ ᠪᠦᠯᠦᠭ ︽ | ᠴᠡᠷᠢᠭ ᠬᠥᠮᠦᠨ ᠤ ᠬᠠᠷᠠᠭᠠᠯᠵᠠᠯ ᠤᠨ ᠨᠢᠭᠡᠴᠡ︾ ᠶᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | 3 ᠰᠠᠷ᠎ᠠ ᠶᠢᠨ 30 ᠤ ᠡᠳᠦᠷ᠂ ᠵᠠᠩ ᠪᠢᠨ ᠪᠦᠦ B ᠲᠠᠰ ᠤᠨ ᠢᠳᠡᠭᠡᠨ ᠤ ᠦᠢᠯᠡᠳᠪᠦᠷᠢᠯᠡᠯ | ᠡᠵᠡᠩᠨᠡᠯᠲᠡ ᠶᠢᠨ ᠭᠤᠤᠯ ᠴᠣᠭᠴᠠ ᠶᠢᠨ ᠨᠢᠭᠡᠴᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ | ᠱᠠᠯᠠᠪᠳᠠᠭᠤᠯᠤᠨ ᠵᠢᠯᠣᠭᠤᠳᠪᠠ︔ ᠠᠷᠪᠠᠨ ᠳᠣᠯᠣᠳᠤᠭᠠᠷ ᠬᠤᠭᠤᠴᠠᠭᠠᠨ ᠤ ᠬᠡᠬᠡᠷᠯᠡᠨ ᠠᠶᠠᠯᠠᠬᠤ e ᠠᠩᠭᠢ ᠶᠢᠨ | ᠪᠠᠭᠠᠲᠤᠷᠴᠤᠳ ᠤᠨ ᠴᠤᠭᠯᠠᠭᠠᠨ ᠤ ᠡᠯ᠎ᠡ ᠵᠦᠢᠯ ᠤᠨ ᠠᠵᠢᠯ ᠤᠨ ᠪᠡᠯᠡᠳᠬᠡᠯ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠤ ᠱᠢ ᠸᠧᠶ ᠰᠤᠷᠭᠠᠭᠴᠢ ᠶᠢᠨ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠫᠤᠤᠳᠠᠬᠤ ᠬᠢᠷᠢ ᠬᠡᠮ ᠲᠠᠢ 30 ᠭᠠᠷᠤᠶ ᠠᠷᠠᠳ ᠤᠨ ᠴᠠᠭᠳᠠᠭ᠎ᠠ ᠶᠢ | ᠵᠣᠬᠢᠶᠠᠨ ᠪᠠᠶᠢᠭᠤᠯᠵᠤ ᠠᠯᠪᠠᠨ ᠶᠠᠪᠤᠳᠠᠯ ᠳᠤ ᠬᠡᠷᠡᠭᠯᠡᠬᠦ ᠫᠤᠤ ᠶᠢᠨ ᠦᠨᠡᠨ ᠰᠤᠮᠤᠨ ᠤ ᠫᠤᠤᠳᠠᠯᠭ᠎ᠠ ᠶᠢᠨ | ᠪᠣᠯᠪᠠᠰᠤᠷᠠᠭᠤᠯᠤᠯ ᠥᠷᠨᠢᠭᠦᠯᠪᠡ᠃ | 3 ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ᠂ ᠤᠳᠬᠠᠨᠴᠢᠮᠡᠭ ᠠᠯᠳ᠋ᠬᠠᠣᠪᠣᠭ᠎ᠠ | ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠤᠳᠠᠭᠠᠨ ᠤ ᠬᠤᠷᠠᠯ ᠳᠤ ᠣᠷᠣᠯᠴᠠᠪᠠ᠃ | 3 ᠰᠠᠷ᠎ᠠ ᠶᠢᠨ 31 ᠤ ᠡᠳᠦᠷ᠂ ᠵᠠᠩ ᠪᠢᠨ ᠵᠢᠨᠴᠠᠩ ᠬᠤᠲᠠ ᠳᠤ ᠬᠦᠷᠴᠦ ᠵᠢᠨᠴᠠᠩ ᠡᠤ ᠸᠧᠶ ᠶᠢᠨ ᠵᠠᠩ | ᠶᠧ ᠶᠢᠨ ᠬᠤᠶᠢᠲᠤ ᠵᠧᠤ ᠶᠢᠨ ᠠᠯᠠᠱᠠ ᠪᠠᠷᠠᠭᠤᠨ ᠬᠤᠰᠢᠭᠤᠨ ᠤ ᠭᠤᠷᠪᠠᠨ ᠮᠤᠵᠢ ᠶᠢᠨ ᠲᠠᠪᠤᠨ ᠭᠠᠵᠠᠷ ᠤᠨ | ᠵᠢᠭᠤᠯᠴᠢᠯᠠᠯ ᠢ ᠨᠢᠭᠡ ᠴᠣᠭᠴᠠᠵᠢᠭᠤᠯᠬᠤ ᠵᠢᠴᠢ ︽ ᠶᠢᠨ ᠡᠤ ᠵᠠᠩ ᠬᠠᠶ ᠠ ᠰᠣᠶᠣᠯ ᠵᠢᠭᠤᠯᠴᠢᠯᠠᠯ ᠢᠶᠠᠷ ᠠᠷᠠᠳ ᠲᠤ | ᠠᠰᠢᠭ ᠬᠦᠷᠲᠡᠭᠡᠬᠦ︾ ᠠᠵᠢᠯᠯᠠᠭ᠎ᠠ ᠳᠤ ᠣᠷᠣᠯᠴᠠᠪᠠ᠃ | |