ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠪᠠᠳᠠᠷᠠᠭᠤᠯᠤᠨ ᠤᠯᠠᠮᠵᠢᠯᠠᠬᠤ ᠶᠢᠨ ᠲᠥᠯᠥᠭᠡ᠂ 9 ᠰᠠᠷ᠎ᠠ ᠶᠢᠨ 30 ᠤ ᠡᠳᠦᠷ᠂ ᠪᠠᠳᠠᠢ ᠶᠢᠨ ᠵᠢᠷᠠᠨ ᠪᠠᠯᠭᠠᠰᠤᠨ ᠤ | ᠪᠦᠯᠬᠦᠮᠳᠡᠯ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠡᠷᠡᠯᠬᠡᠭᠯᠡᠨ ᠤᠷᠤᠭᠰᠢᠯᠠᠵᠤ | ᠰᠠᠶᠢᠨ ᠰᠠᠶᠢᠬᠠᠨ ᠰᠢᠨ᠎ᠡ ᠭᠡᠷ ᠣᠷᠣᠨ ᠢᠶᠠᠨ ᠬᠠᠮᠲᠤ ᠪᠠᠷ ᠴᠣᠭᠴᠠᠯᠠᠶ᠎ᠠ︾ ᠭᠡᠬᠦ ᠭᠠᠷ ᠤᠷᠠᠯᠠᠯ ᠤᠨ ᠪᠦᠲᠦᠭᠡᠯ ᠤᠨ | ᠦᠵᠡᠰᠬᠦᠯᠡᠩ ᠤᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 50 ᠭᠠᠷᠤᠶ ᠪᠦᠲᠦᠭᠡᠯ ᠣᠷᠣᠯᠴᠠᠵᠤ᠂ ᠪᠦᠲᠦᠭᠡᠯ ᠨᠢ | ᠬᠠᠳᠬᠤᠮᠠᠯ᠂ ᠭᠦᠷᠦᠮᠡᠯ ᠨᠡᠬᠡᠮᠡᠯ᠂ ᠴᠠᠭᠠᠰᠤᠨ ᠬᠠᠶᠢᠴᠢᠯᠠᠮᠠᠯ᠂ ᠰᠡᠶᠢᠯᠦᠮᠡᠯ ᠵᠡᠷᠭᠡ ᠣᠯᠠᠨ ᠲᠥᠷᠥᠯ ᠵᠦᠢᠯ ᠢ | ᠬᠠᠮᠤᠷᠴᠤ᠂ ᠣᠷᠣᠨ ᠨᠤᠲᠤᠭ ᠤᠨ ᠣᠨᠴᠠᠯᠢᠭ ᠪᠠ ᠪᠣᠳᠠᠰ ᠤᠨ ᠪᠤᠰᠤ ᠰᠣᠶᠣᠯ ᠤᠨ ᠥᠪ ᠤᠨ ᠡᠯᠧᠮᠧᠨ᠋ᠲ᠂ ᠥᠩᠭᠡ | ᠪᠤᠳᠤᠭ ᠢᠯᠭᠤᠷᠠᠮᠠ᠂ ᠳᠦᠷᠰᠦ ᠪᠦᠲᠦᠭᠡᠯᠲᠡ ᠨᠢ ᠭᠤᠶᠣ ᠰᠠᠶᠢᠬᠠᠨ᠂ ᠶᠣᠭᠲᠠ ᠤᠳᠬ᠎ᠠ ᠠᠭᠤᠯᠭ᠎ᠠ ᠲᠠᠢ᠂ | ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠥᠪᠡᠷᠮᠢᠴᠡ ᠲᠠᠲᠠᠬᠤ ᠬᠦᠴᠦᠨ ᠪᠠ ᠠᠷᠠᠳ ᠤᠨ ᠰᠣᠶᠣᠯ ᠤᠨ ︽ | ᠲᠦᠮᠡᠨ ᠮᠢᠩᠭᠠᠨ ᠳᠦᠷᠰᠦ ᠪᠠᠶᠢᠳᠠᠯ︾ ᠶᠢ ᠳᠡᠯᠭᠡᠨ ᠦᠵᠡᠭᠦᠯᠵᠦ᠂ ᠰᠣᠶᠣᠯ ᠤᠨ ᠬᠥᠭᠵᠢᠯᠲᠡ ᠶᠢᠨ ᠬᠦᠴᠦᠨ ᠢ | ᠤᠯᠠᠮ ᠨᠢᠭᠡ ᠠᠯᠬᠤᠮ ᠨᠢᠭᠲᠠᠷᠠᠭᠤᠯᠪᠠ᠃ | | | | ᠪᠠᠳᠠᠢ ᠶᠢᠨ ᠵᠢᠷᠠᠨ ᠪᠠᠯᠭᠠᠰᠤᠨ ᠤ ᠪᠦᠯᠬᠦᠮᠳᠡᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠲᠤᠮᠥ᠋ᠩᠬᠡ᠄ | ︽ᠨᠡᠶᠢᠭᠡᠮ ᠲᠣᠭᠤᠷᠢᠭ ᠲᠤ ᠡᠶᠢᠮᠦ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠢᠯᠡᠭᠦᠬᠡᠨ ᠡᠷᠬᠢᠯᠡᠵᠦ᠂ | ᠤᠯᠠᠨ ᠲᠦᠮᠡᠨ ᠢ ᠣᠷᠣᠯᠴᠠᠭᠤᠯᠬᠤ ᠶᠢᠨ ᠬᠠᠮᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠪᠠᠳᠠᠷᠠᠭᠤᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃ | | | | | ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ | ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠰᠠᠶᠢᠨ ᠰᠠᠶᠢᠬᠠᠨ ᠬᠡᠷ | ᠣᠷᠣᠨ ᠢᠶᠠᠨ ᠬᠠᠮᠲᠤ ᠪᠠᠷ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠣᠯᠠᠨ ᠢᠶᠠᠷ ᠢᠶᠠᠨ ᠨᠠᠷᠢᠯᠢᠭ ᠰᠠᠶᠢᠬᠠᠨ ᠭᠠᠷ | ᠤᠷᠠᠯᠠᠯ ᠤᠨ ᠪᠦᠲᠦᠭᠡᠯ ᠵᠣᠬᠢᠶᠠᠨ ᠪᠦᠲᠦᠭᠡᠵᠦ᠂ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠤᠨ ᠮᠡᠳᠡᠷᠡᠮᠵᠢ ᠶᠢ ᠤᠯᠠᠮ ᠨᠢᠭᠡ ᠠᠯᠬᠤᠮ ᠬᠥᠭᠵᠢᠭᠡᠵᠦ᠂ | ᠦᠨᠳᠦᠰᠦᠲᠡᠨ ᠨᠦᠭᠦᠳ ᠤᠨ ᠰᠣᠶᠣᠯ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠠᠬᠢᠭᠤᠯᠵᠤ᠂ ᠨᠡᠶᠢᠭᠡᠮ | ᠲᠣᠭᠤᠷᠢᠭ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠪᠠ᠃ | | | | | ᠪᠠᠳᠠᠶ ᠶᠢᠨ ᠵᠢᠷᠠᠨ ᠪᠠᠯᠭᠠᠰᠤᠨ ᠤ ᠪᠦᠯᠬᠦᠮᠳᠡᠯ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠹᠦ᠋ | ᠱᠠ ᠱᠠ᠄ ︽ᠭᠠᠷ ᠤᠷᠠᠯᠠᠯ ᠤᠨ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠵᠤ᠂ ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠬᠦ | ᠣᠷᠣᠨ ᠤ ᠮᠠᠯᠵᠢᠬᠤ ᠲᠠᠷᠢᠶᠠᠯᠠᠬᠤ ᠡᠷᠦᠬᠡ ᠵᠢᠴᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠡᠶᠢᠭᠡᠮ | ᠲᠣᠭᠤᠷᠢᠭ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠠᠷᠢᠶ᠎ᠠ ᠣᠷᠣᠨ ᠤ ᠪᠠᠨ | ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠨᠡᠶᠢᠭᠡᠮ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠤᠶ᠎ᠠ︾ ᠭᠡᠪᠡ᠃ | |