ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠨ᠎ᠡ ᠠᠯᠲᠠᠨᠴᠤᠭ ᠰᠤᠮᠤ᠄ ︽ᠰᠠᠨᠠᠭ᠎ᠠ ᠠᠮᠤᠷ ᠤᠰᠤᠨ ᠭᠠᠩ︾ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/10/15
     10 ᠰᠠᠷ᠎ᠠ ᠶᠢᠨ 9 ᠤ ᠡᠳᠦᠷ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠳ᠋ ᠪᠠᠷᠠᠭ᠎ᠠ ᠲᠠᠷᠬᠠᠭᠠᠬᠤ ᠶᠣᠰᠣᠯᠠᠯ ᠠᠯᠲᠠᠨᠴᠤᠭ ᠰᠤᠮᠤᠨ ᠲᠤ ᠶᠠᠪᠤᠭᠳᠠᠪᠠ᠃ 50 ᠡᠷᠦᠬᠡ ᠮᠠᠯᠴᠢᠨ ᠲᠠᠷᠢᠶᠠᠴᠢᠨ ᠳᠤ ᠭᠠᠩ ᠬᠠᠭᠰᠠᠷᠠᠭᠠᠨ ᠲᠠᠢ ᠲᠡᠮᠡᠴᠡᠬᠦ ᠤᠰᠤ ᠬᠠᠳᠠᠭᠠᠯᠠᠬᠤ  ᠰᠠᠪᠠ  ᠶᠢ ᠰᠦᠢᠳᠬᠡᠯ ᠬᠤᠷᠢᠶᠠᠬᠤ ᠦᠭᠡᠢ ᠪᠠᠷ  ᠲᠠᠷᠬᠠᠭᠠᠨ ᠦᠭᠴᠦ᠂ ᠬᠥᠮᠥᠨ ᠮᠠᠯ ᠤᠨ ᠤᠤᠭᠤᠬᠤ ᠤᠰᠤᠨ ᠤ ᠬᠦᠴᠢᠷᠳᠡᠯ ᠲᠠᠢ ᠠᠰᠠᠭᠤᠳᠠᠯ ᠢ ᠪᠦᠲᠦᠮᠵᠢᠲᠡᠢ   ᠰᠢᠢᠳᠪᠦᠷᠢᠯᠡᠩᠰᠡᠨ ᠪᠠᠶᠢᠨ᠎ᠠ᠃    ᠤᠰᠤ ᠬᠠᠳᠠᠭᠠᠯᠠᠬᠤ ᠰᠠᠪᠠ ᠲᠠᠷᠬᠠᠭᠠᠬᠤ ᠲᠤᠬᠠᠶ ᠶᠢᠨ ᠲᠠᠯᠠᠪᠠᠶ ᠳᠤ᠂ ᠮᠠᠯᠴᠢᠨ  ᠲᠠᠷᠢᠶᠠᠴᠢᠳ ᠥᠪᠡᠷ  ᠤᠨ ᠵᠢᠵᠢᠭ ᠬᠡᠯᠪᠡᠷᠢ ᠶᠢᠨ ᠪᠠᠷᠠᠭᠠᠨ ᠤ ᠲᠡᠷᠭᠡ᠂  ᠫᠢᠺᠠ ᠠᠴᠢᠶᠠᠨ ᠤ ᠮᠠᠰᠢᠨ ᠲᠡᠷᠭᠡ ᠵᠢᠯᠣᠭᠤᠳᠴᠤ ᠤᠴᠢᠭᠠᠳ ᠤᠰᠤ ᠬᠠᠳᠠᠭᠠᠯᠠᠬᠤ ᠰᠠᠪᠠ ᠠᠪᠴᠤ᠂  ᠤᠤᠭᠤᠬᠤ ᠤᠰᠤ  ᠪᠠᠨ ᠰᠠᠪᠠᠯᠠᠪᠠ᠃ ᠠᠵᠢᠯᠲᠠᠳ ᠨᠢᠭᠡᠳ ᠨᠢᠭᠡ ᠪᠠᠷ ᠳ᠋ᠤᠭᠠᠷᠯᠠᠨ᠂ ᠰᠠᠨᠠᠭᠠᠴᠢᠯᠠᠭ᠎ᠠ ᠠᠴᠠ ᠪᠠᠨ ᠬᠠᠪᠰᠤᠷᠤᠨ ᠲᠡᠷᠭᠡᠨ ᠳᠤ ᠠᠴᠢᠶᠠᠯᠠᠪᠠ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠤᠰᠤ ᠬᠠᠳᠠᠭᠠᠯᠠᠬᠤ ᠰᠠᠪᠠ ᠨᠢ ᠮᠠᠯᠴᠢᠨ ᠲᠠᠷᠢᠶᠠᠴᠢᠨ ᠤ ᠤᠰᠤ ᠬᠠᠳᠠᠭᠠᠯᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠣᠯᠠᠨ ᠤ ︽ᠰᠠᠨᠠᠭ᠎ᠠ ᠠᠮᠤᠷ ᠤᠰᠤᠨ ᠭᠠᠩ︾ ᠪᠣᠯᠤᠭᠰᠠᠨ ᠪᠠᠶᠢᠨ᠎ᠠ᠃ 
1.jpg
    ᠠᠯᠲᠠᠨᠴᠤᠭ ᠰᠤᠮᠤᠨ ᠤ ᠬᠥᠬᠡ ᠠᠭᠤᠯᠠ ᠭᠠᠴᠠᠭᠠᠨ ᠤ ᠮᠠᠯᠴᠢᠨ ᠮᠥᠷᠡᠨ ᠬᠡᠯᠡᠬᠦ ᠳᠡᠭᠡᠨ᠄ ︽ᠡᠨᠡ ᠵᠢᠯ ᠠᠭᠤᠷ ᠠᠮᠢᠰᠬᠤᠯ ᠨᠡᠯᠢᠶᠡᠳ ᠭᠠᠩ ᠬᠠᠭᠰᠠᠷᠠᠭᠠᠨ   ᠲᠠᠢ᠂  ᠰᠤᠮᠤᠨ ᠠᠴᠠ ᠮᠠᠯᠴᠢᠨ  ᠲᠠᠷᠢᠶᠠᠴᠢᠳ ᠲᠤ ᠤᠰᠤ ᠬᠠᠳᠠᠭᠠᠯᠠᠬᠤ ᠰᠠᠪᠠ ᠶᠢ ᠦᠨ᠎ᠡ ᠲᠥᠯᠥᠪᠦᠷᠢ ᠦᠭᠡᠢ ᠪᠠᠷ ᠲᠠᠷᠬᠠᠭᠠᠵᠤ᠂ ᠪᠢᠲᠡ ᠤ ᠤᠰᠤ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠳᠤ ᠮᠠᠰᠢ ᠲᠠᠯᠠᠷᠬᠠᠵᠤ ᠪᠠᠶᠢᠨ᠎ᠠ︾ ᠭᠡᠪᠡ᠃ 
2.jpg
         ᠣᠶᠢᠷ᠎ᠠ ᠶᠢᠨ ᠵᠢᠯ ᠠᠴᠠ ᠨᠠᠰᠢ᠂ ᠥᠨᠳᠥᠷ ᠳᠤᠯᠠᠭᠠᠨ ᠪᠣᠷᠣᠭᠠᠨ ᠪᠠᠭ᠎ᠠ ᠠᠭᠤᠷ ᠠᠮᠢᠰᠬᠤᠯ ᠤᠨ ᠨᠥᠯᠥᠭᠡ ᠠᠴᠠ ᠪᠣᠯᠵᠣ᠂ ᠠᠯᠲᠠᠨᠴᠤᠭ ᠰᠤᠮᠤᠨ ᠤ ᠬᠠᠷᠢᠶ᠎ᠠ ᠣᠷᠣᠨ ᠤ ᠭᠠᠩ ᠬᠠᠭᠰᠠᠷᠠᠭᠠᠨ ᠤ ᠪᠠᠶᠢᠳᠠᠯ ᠬᠦᠨᠳᠦ ᠨᠣᠴᠢᠲᠠᠶ ᠪᠣᠯᠵᠣ᠂ ᠬᠡᠰᠡᠭ ᠤᠰᠤᠨ ᠰᠤᠷᠪᠤᠯᠵᠢ ᠶᠢᠨ ᠬᠤᠳᠳᠤᠭ ᠤᠨ ᠤᠰᠤᠨ ᠲᠦᠪᠰᠢᠨ ᠪᠠᠭᠤᠷᠠᠵᠤ᠂ ᠮᠠᠯᠴᠢᠨ ᠲᠠᠷᠢᠶᠠᠴᠢᠨ ᠤ   ᠦᠢᠯᠡᠳᠪᠦᠷᠢᠯᠡᠯ ᠠᠮᠢᠳᠤᠷᠠᠯ ᠪᠠ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ  ᠨᠦᠯᠤᠭᠡᠯᠡᠩᠰᠡᠨ ᠪᠠᠶᠢᠨ᠎ᠠ᠃ ᠠᠯᠲᠠᠨᠴᠤᠭ ᠰᠤᠮᠤ ᠮᠠᠯᠴᠢᠨ ᠲᠠᠷᠢᠶᠠᠴᠢᠨ ᠤ ᠪᠣᠳᠠᠲᠠᠶ ᠬᠡᠷᠡᠭᠴᠡᠭᠡ ᠪᠠ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠳᠠᠭᠠᠯᠠᠬᠤ ᠰᠠᠪᠠ ᠲᠠᠷᠬᠠᠭᠠᠬᠤ᠂ ᠲᠥᠪᠯᠡᠷᠡᠭᠦᠯᠦᠨ ᠤᠰᠤ ᠬᠦᠷᠭᠡᠬᠦ ᠶᠢ ᠡᠷᠦᠬᠡ ᠳᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠨ ᠮᠠᠯ ᠤᠨ ᠤᠤᠭᠤᠬᠤ ᠤᠰᠤᠨ ᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠤ᠂ ᠮᠠᠯᠴᠢᠨ ᠲᠠᠷᠢᠶᠠᠴᠢᠨ ᠲᠦᠮᠡᠨ ᠳᠤ ᠦᠨᠡᠨ ᠪᠣᠳᠠᠲᠠᠶ ᠲᠥᠬᠦᠮ ᠦᠵᠡᠭᠦᠯᠪᠡ᠃ 
3.jpg
          ᠠᠯᠲᠠᠨᠴᠤᠭ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠶᠢᠨ ᠵᠢᠱᠢᠭᠳᠡᠭᠴᠢ ᠰᠤᠪᠤᠳ ᠬᠡᠯᠡᠬᠦ ᠳᠡᠭᠡᠨ᠄ ᠲᠣᠰ ᠤᠳᠠᠭᠠᠨ ᠤ  ᠰᠤᠮᠤᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠡᠳ᠋ ᠪᠣᠳᠠᠰ ᠲᠠᠷᠬᠠᠭᠠᠬᠤ ᠶᠣᠰᠣᠯᠠᠯ ᠨᠢ ᠣᠷᠳᠣ ᠬᠤᠭᠤᠴᠠᠭᠠᠨ ᠤ ᠲᠤᠷᠰᠢ ᠤᠰᠤ ᠬᠡᠷᠡᠭᠯᠡᠬᠦ ᠳᠤ ᠬᠦᠴᠢᠷᠲᠡᠶ᠂ ᠢᠯᠠᠩᠭᠤᠶ᠎ᠠ ᠠᠯᠤᠰ ᠬᠢᠵᠠᠭᠠᠷ ᠭᠠᠵᠠᠷ ᠣᠷᠣᠨ᠂ ᠤᠰᠤ ᠥᠬᠡᠶ ᠭᠠᠵᠠᠷ ᠣᠷᠣᠨ ᠳᠤ ᠣᠷᠳᠣ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ᠂ ᠭᠠᠩ ᠬᠠᠭᠰᠠᠷᠠᠭᠠᠨ ᠤ ᠪᠠᠶᠢᠳᠠᠯ ᠬᠠᠮᠤᠭ ᠤᠨ ᠬᠦᠨᠳᠦ ᠨᠣᠴᠢᠲᠠᠶ ᠭᠠᠵᠠᠷ ᠣᠷᠣᠨ ᠤ ᠮᠠᠯᠴᠢᠨ ᠲᠠᠷᠢᠶᠠᠴᠢᠨ ᠤ ᠤᠰᠤ ᠬᠠᠳᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠤ ᠤᠰᠤ  ᠲᠤᠲᠠᠭᠰᠠᠨ ᠠᠴᠠ ᠪᠣᠯᠵᠣ ᠬᠦᠴᠢᠷᠳᠡᠯ ᠳᠤ ᠲᠤᠯᠭᠠᠷᠠᠵᠤ ᠪᠠᠶᠢᠭ᠎ᠠ ᠠᠰᠠᠭᠤᠳᠠᠯ ᠢ  ᠰᠢᠢᠳᠪᠦᠷᠢᠯᠡᠭᠦ ᠶᠢᠨ ᠲᠥᠯᠥᠭᠡ ᠶᠤᠮ ᠃   
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号