ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠨ᠎ᠡ  ᠠᠯᠠᠱᠠ ᠪᠠᠷᠠᠭᠤᠨ ᠬᠤᠰᠢᠭᠤ  ᠨᠦᠭᠦᠪᠦᠷᠢ ᠦᠨ᠎ᠡ ᠶᠢᠨ ᠨᠡᠭᠦᠷᠡᠰᠦ ᠲᠠᠷᠬᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/10/15
      ᠮᠠᠯᠴᠢᠨ ᠲᠠᠷᠢᠶᠠᠴᠢᠳ ᠤᠨ ᠡᠪᠦᠯ ᠤᠨ ᠲᠤᠯᠠᠭᠠᠯᠠᠯᠲᠠ ᠶᠢ ᠪᠠᠳᠤᠯᠠᠬᠤ ᠪᠤᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠠᠯᠠᠱᠠ ᠪᠠᠷᠠᠭᠤᠨ ᠬᠤᠰᠢᠭᠤ  ᠭᠢᠮᠳᠠ ᠨᠡᠭᠦᠷᠡᠰᠦ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠢᠳᠡᠪᠬᠢᠲᠡᠶ ᠵᠤᠭᠢᠴᠠᠭᠤᠯᠵᠤ᠂ ᠨᠡᠭᠦᠷᠡᠰᠦ ᠲᠦᠯᠡᠬᠦ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ ᠪᠠᠶᠢᠨ᠎ᠠ᠃  ᠪᠦᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠮᠠᠯᠴᠢᠨ ᠲᠠᠷᠢᠶᠠᠴᠢᠨ ᠳᠤ ᠵᠣᠷᠢᠭᠤᠯᠤᠨ ︽ᠬᠠᠶᠢᠷ᠎ᠠ ᠬᠠᠯᠠᠮᠵᠢ ᠶᠢᠨ ᠨᠡᠭᠦᠷᠡᠰᠦ︾  ᠬᠠᠩᠭᠠᠵᠤ ᠣᠯᠠᠨ ᠲᠦᠮᠡᠨ ᠤ  ᠰᠡᠳᠭᠡᠯ ᠢ ᠲᠣᠯᠠᠭᠠᠴᠠᠭᠤᠯᠤᠨ᠎ᠠ᠃     ᠠᠯᠠᠱᠠ ᠪᠠᠷᠠᠭᠤᠨ ᠬᠤᠰᠢᠭᠤᠨ ᠤ ︽ ᠭᠢᠮᠳᠠ ᠨᠡᠭᠦᠷᠡᠰᠦ︾ ᠬᠤᠳᠠᠯᠳᠤᠨ ᠠᠪᠬᠤ ᠲᠤᠬᠠᠶ ᠶᠢᠨ ᠲᠠᠯᠠᠪᠠᠶ ᠳᠤ᠂  ᠮᠠᠯᠴᠢᠳ  ᠲᠠᠷᠢᠶᠠᠴᠢᠳ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠳᠡᠩᠰᠡᠯᠡᠨ ᠲᠡᠮᠳᠡᠭᠯᠡᠬᠦ᠂ ᠨᠡᠭᠦᠷᠡᠰᠦ ᠠᠴᠢᠶᠠᠯᠠᠬᠤ ᠂ ᠭᠠᠷ ᠤᠨ ᠥᠰᠥᠭ ᠵᠢᠷᠤᠬᠤ ᠵᠡᠷᠭᠡ ᠠᠯᠬᠤᠮ ᠳᠠᠷᠠᠭᠠᠯᠠᠯ ᠢᠶᠠᠷ᠂ ᠨᠡᠭᠦᠷᠡᠰᠦ ᠬᠤᠳᠠᠯᠳᠤᠨ ᠠᠪᠴᠤ ᠪᠦᠬᠦ᠋ᠢᠯᠡ ᠶᠠᠪᠤᠴᠠ ᠨᠢ ᠡᠮᠬᠢ ᠵᠢᠷᠤᠮ ᠲᠠᠢ  ᠶᠠᠪᠤᠭᠳᠠᠵᠤ᠂ ︽ᠬᠠᠶᠢᠷ᠎ᠠ ᠬᠠᠯᠠᠮᠵᠢ ᠶᠢᠨ ᠨᠡᠭᠦᠷᠡᠰᠦ︾ ᠲᠡᠭᠡᠭᠡᠪᠦᠷᠢᠯᠡᠩᠰᠡᠨ ᠲᠡᠷᠭᠡ   ᠨᠦᠭᠦᠳ ᠭᠠᠨᠵᠤᠭ᠎ᠠ ᠳᠦᠭᠦᠷᠡᠩ  ᠪᠣᠴᠠᠵᠤ᠂ ᠣᠯᠠᠨ ᠤ ᠴᠢᠷᠠᠶ ᠳᠤ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠪᠢᠯᠬᠠᠨ᠎ᠠ᠃ 
1.jpg
          ᠠᠯᠠᠱᠠ ᠪᠠᠷᠠᠭᠤᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢ ᠬᠤᠸᠠ ᠯᠢᠶᠠᠩ᠄ ︽ᠡᠨᠡ ᠵᠢᠯ ᠤᠨ ᠨᠡᠭᠦᠷᠡᠰᠦᠨ ᠤ ᠦᠨ᠎ᠡ ᠪᠣᠯ ᠲᠣᠨ ᠪᠦᠷᠢ 450 - 500 ᠲᠥᠭᠦᠷᠢᠭ ᠣᠷᠴᠢᠮ ᠪᠠᠶᠢᠵᠤ᠂ ᠮᠠᠯᠴᠢᠨ ᠲᠠᠷᠢᠶᠠᠴᠢᠨ ᠡᠷᠦᠬᠡ ᠳᠤ ᠲᠣᠨ ᠪᠦᠷᠢ  350 ᠲᠥᠭᠦᠷᠢᠭ ᠨᠥᠬᠦᠪᠦᠷᠢᠯᠡᠨ᠂ 10 ᠰᠠᠷ᠎ᠠ ᠶᠢᠨ 10 ᠤ ᠡᠳᠦᠷ ᠪᠣᠯᠲᠠᠯ᠎ᠠ᠂ ᠨᠡᠶᠢᠲᠡ 846 ᠡᠷᠦᠬᠡ ᠳᠤ 1700 ᠭᠠᠷᠤᠶ ᠲᠣᠨ ᠲᠠᠷᠬᠠᠭᠠᠭᠰᠠᠨ ᠪᠠᠶᠢᠨ᠎ᠠ︾ ᠭᠡᠪᠡ᠃ 
2.jpg
      ᠡᠨᠡ ᠵᠢᠯ᠂ ᠠᠯᠠᠱᠠ ᠪᠠᠷᠠᠭᠤᠨ ᠬᠤᠰᠢᠭᠤ ᠤᠷᠢᠳᠴᠢᠯᠠᠨ ᠲᠥᠯᠥᠪᠯᠡᠵᠦ᠂ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ︽  ᠭᠢᠮᠳᠠ ᠨᠡᠭᠦᠷᠡᠰᠦ︾ ᠲᠠᠷᠬᠠᠭᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠡᠯ᠎ᠡ ᠰᠤᠮᠤ ᠪᠠᠯᠭᠠᠰᠤ ᠲᠠᠢ ᠬᠠᠮᠵᠢᠯᠴᠠᠨ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠬᠡᠷᠡᠭᠴᠡᠭᠡᠨ ᠤ ᠬᠡᠮᠵᠢᠶ᠎ᠡ ᠶᠢ ᠪᠥᠬᠦ ᠲᠠᠯ᠎ᠠ ᠪᠠᠷ ᠤᠶᠢᠯᠠᠭᠠᠨ ᠪᠠᠶᠢᠴᠠᠭᠠᠵᠤ᠂ ︽  ᠭᠢᠮᠳᠠ ᠨᠡᠭᠦᠷᠡᠰᠦ ︾ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ᠂ ᠡᠷᠬᠢᠨ ᠲᠣᠭᠤᠷᠢᠨ ᠤ ᠨᠡᠭᠦᠷᠡᠰᠦᠨ ᠤ ᠠᠵᠤ ᠠᠬᠤᠶᠢᠯᠠᠯ ᠢ ᠢᠳᠡᠪᠬᠢᠲᠡᠶ ᠵᠣᠬᠢᠴᠠᠭᠤᠯᠵᠤ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠪᠠᠲᠤᠯᠠᠵᠤ ᠨᠠᠶᠢᠳᠠᠪᠤᠷᠢᠵᠢᠭᠤᠯᠬᠤ ᠠᠵᠢᠯ ᠢ ᠤᠷᠤᠭᠰᠢᠲᠠᠶ ᠪᠡᠶᠡᠯᠡᠭᠦᠯᠪᠡ᠃ 
3.jpg
      ᠠᠯᠠᠱᠠ ᠪᠠᠷᠠᠭᠤᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢ ᠬᠤᠸᠠ ᠯᠢᠶᠠᠩ᠄ ︽ᠡᠨᠡ ᠵᠢᠯ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ  ᠶᠢᠨ ᠨᠠᠭᠦᠷᠡᠰᠦ ᠬᠡᠷᠡᠭᠯᠡᠬᠦ ᠮᠠᠯᠵᠢᠬᠤ ᠲᠠᠷᠢᠶᠠᠯᠠᠬᠤ ᠡᠷᠦᠬᠡ ᠶᠢᠨ ᠤᠷᠢᠳᠴᠢᠯᠠᠨ  ᠪᠦᠷᠢᠳᠭᠡᠭᠰᠡᠨ ᠡᠷᠤᠭᠡ ᠶᠢᠨ ᠲᠤᠭ᠎ᠠ 2148 ᠡᠷᠦᠬᠡ ᠪᠠᠶᠢᠵᠤ᠂ ᠡᠷᠦᠬᠡ ᠪᠦᠷᠢ ᠳᠤ 2 ᠲᠣᠨ ᠨᠡᠭᠦᠷᠡᠰᠦᠨ ᠤ ᠪᠠᠷᠢᠮᠵᠢᠶ᠎ᠠ ᠶᠣᠰᠣᠭᠠᠷ ᠂ ᠬᠠᠩᠭᠠᠯᠭ᠎ᠠ ᠶᠢ ᠪᠠᠲᠤᠯᠠᠵᠤ ᠬᠡᠷᠡᠭᠯᠡᠬᠦ ᠨᠡᠭᠦᠷᠡᠰᠦ ᠨᠡᠶᠢᠲᠡ 4296 ᠲᠣᠨ ᠬᠡᠷᠡᠭᠰᠡᠵᠦ᠂ ᠪᠢᠳᠡ ᠬᠢᠨᠠᠯᠲᠠ ᠲᠠᠯᠪᠢᠵᠤ ᠦᠢᠯᠡᠴᠢᠯᠡᠬᠦ ᠪᠠᠨ ᠦᠷᠭᠦᠯᠵᠢᠯᠡᠨ ᠴᠢᠩᠭᠠᠳᠬᠠᠵᠤ᠂  ᠭᠢᠮᠳᠠ ᠨᠡᠭᠦᠷᠡᠰᠦᠨ ᠤ ᠲᠦᠷᠭᠡᠨ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠵᠤ᠂ 10 ᠰᠠᠷ᠎ᠠ ᠶᠢᠨ 15 ᠤ ᠡᠳᠦᠷ ᠪᠦᠬᠦᠨ ᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠡᠶ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号