10 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠠᠯᠠᠱᠠ ᠶᠢᠨ | ᠣᠳᠣᠬᠢᠴᠢᠯᠠᠭᠰᠠᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠰᠦᠯ ᠤᠨ ᠪᠦᠳᠦᠭᠡᠨ ᠪᠠᠶᠢᠭᠤᠯᠤᠯᠲᠠ ᠶᠢᠨ | ᠪᠠᠶᠢᠳᠡᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ | | | | | | ᠠᠯᠠᠱᠠ ᠶᠢᠨ ᠣᠳᠣᠬᠢᠴᠢᠯᠠᠭᠰᠠᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠰᠦᠯ ᠤᠨ ᠲᠤᠬᠠᠢ | ᠶᠢᠨ ᠲᠠᠯᠠᠪᠠᠢ ᠳᠤ᠂ ᠭᠤᠤ ᠵᠧᠩ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ᠂ ᠣᠶᠤᠨᠴᠢ ᠦᠢᠯᠡᠴᠢᠯᠡᠭᠡᠨ ᠤ | ᠲᠥᠪ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ᠂ ᠭᠠᠯ ᠤᠨᠲᠠᠷᠠᠭᠠᠬᠤ ᠤᠰᠤᠨ ᠴᠥᠭᠦᠷᠥᠮ ᠤᠨ | ᠬᠥᠭᠡᠷᠭᠡ ᠶᠢᠨ ᠭᠡᠷ᠂ ᠪᠣᠬᠢᠷ ᠤᠰᠤ ᠶᠢ ᠰᠢᠢᠳᠪᠦᠷᠢᠯᠡᠬᠦ᠂ ᠡᠨᠧᠷᠭᠢ ᠶᠢᠨ ᠲᠥᠪ ᠵᠡᠷᠭᠡ ᠭᠠᠵᠠᠷ ᠲᠤ ᠪᠠᠶᠢᠴᠠᠭᠠᠨ | ᠰᠤᠳᠤᠯᠤᠯᠲᠠ ᠬᠢᠵᠦ᠂ ᠲᠦᠰᠦᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠬᠦᠷᠢᠶᠡᠯᠡᠩ ᠲᠣᠭᠤᠷᠢᠭ ᠤᠨ | ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠤᠨᠤᠰᠴᠠᠢ᠃ | | | | | | ᠭᠤᠤ ᠵᠧᠩ ᠵᠢᠭᠠᠵᠦ ᠭᠠᠷᠭᠠᠭᠰᠠᠨ ᠨᠢ᠂ ᠠᠯᠠᠱᠠ ᠶᠢᠨ ᠣᠳᠣᠬᠢᠴᠢᠯᠠᠭᠰᠠᠨ ᠲᠡᠮᠡᠭᠡᠨ ᠤ ᠠᠵᠤ ᠦᠢᠯᠡᠰ ᠤᠨ | ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠦᠰᠦᠯ ᠪᠤᠯ ᠠᠯᠠᠱᠠ ᠪᠠᠷᠠᠭᠤᠨ ᠬᠤᠰᠢᠭᠤᠨ ᠤ 2024 ᠤᠨ | ᠳᠤ ᠬᠡᠷᠡᠭᠵᠢᠬᠦᠯᠦᠭᠰᠡᠨ ᠠᠶᠢᠮᠠᠭ ᠤᠨ ᠲᠡᠰ ᠤᠨ ᠭᠤᠤᠯᠳᠠᠯᠭᠠᠳᠦ ᠲᠦᠰᠦᠯ ᠪᠤᠯᠤᠨ᠎ᠡ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠡᠷᠴᠢᠮᠵᠢᠭᠦᠯᠦᠨ᠂ ᠵᠣᠬᠢᠴᠠᠭᠤᠯᠭ᠎ᠠ ᠬᠠᠮᠵᠢᠯᠴᠠᠭ᠎ᠠ ᠪᠠᠨ | ᠴᠢᠩᠭᠠᠳᠬᠠᠨ᠂ ᠠᠵᠤ ᠦᠢᠯᠡᠰ ᠤᠨ ᠬᠦᠷᠢᠶᠡᠯᠡᠩ ᠤᠨ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠪᠣᠭᠤᠮᠲᠠ ᠶᠢ | ᠴᠢᠩᠭ᠎ᠠ ᠡᠵᠡᠮᠳᠡᠨ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠥᠨᠳᠥᠷ ᠲᠦᠪᠰᠢᠨ ᠢᠶᠠᠷ | ᠠᠶᠤᠯᠭᠦᠢ ᠪᠠᠶᠢᠬᠤ ᠶᠢ ᠪᠠᠲᠤᠯᠠᠨ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠠᠵᠤ ᠦᠢᠯᠡᠰ ᠤᠨ | ᠬᠦᠷᠢᠶᠡᠯᠡᠩ ᠤᠨ ᠲᠥᠰᠥᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠣᠷᠣᠨ ᠵᠠᠢ ᠶᠢᠨ | ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠰᠠᠭᠤᠷᠢᠰᠢᠬᠤ ᠠᠵᠢᠯ ᠢ ᠵᠡᠷᠭᠡᠪᠡᠷ ᠶᠠᠪᠤᠭᠳᠠᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠭᠠᠵᠠᠷ ᠰᠢᠷᠣᠢ᠂ ᠦᠢᠯᠡᠳᠪᠦᠷᠢ ᠶᠢᠨ ᠪᠠᠶᠢᠰᠢᠩ ᠢ ᠰᠠᠶᠢᠲᠤᠷ ᠠᠰᠢᠭᠯᠠᠵᠤ᠂ ᠬᠦᠷᠢᠶᠡᠯᠡᠩ | ᠲᠣᠭᠤᠷᠢᠭ ᠲᠤ ᠰᠠᠭᠤᠷᠢᠰᠢᠬᠤ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ | ᠬᠦᠴᠦᠲᠡᠢ ᠲᠤᠯᠭᠠᠭᠤᠷᠢᠯᠠᠯ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠣᠷᠣᠵᠤ ᠰᠠᠭᠤᠷᠢᠰᠢᠬᠤ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠂ ᠡᠷᠳᠡᠮ ᠰᠢᠨᠵᠢᠯᠡᠭᠡᠨ ᠤ ᠰᠤᠳᠤᠯᠤᠨ | ᠨᠡᠭᠡᠭᠡᠯᠲᠡ᠂ ᠨᠠᠷᠢᠯᠢᠭ ᠭᠦᠨᠵᠡᠭᠡᠢ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ | ᠵᠠᠩᠭᠢᠯᠠᠭ᠎ᠠ ᠶᠢᠨ ᠲᠣᠭᠤᠷᠢᠨ ᠳᠤ᠂ ︽ᠭᠠᠳᠠᠭᠰᠢ ᠭᠠᠷᠬᠤ︾ ᠪᠠ ︽ᠤᠷᠢᠵᠤ ᠣᠷᠣᠭᠤᠯᠬᠤ︾ ᠶᠢ ᠴᠢᠩᠭᠠᠳᠬᠠᠵᠤ᠂ | ᠪᠣᠷᠤᠯᠠᠭᠤᠯᠭ᠎ᠠ ᠶᠢᠨ ᠠᠷᠭ᠎ᠠ ᠵᠠᠮ ᠢᠶᠠᠷ ᠥᠷᠭᠡᠨ᠂ ᠪᠣᠳᠠᠲᠤ ᠬᠦᠴᠦᠨ ᠲᠠᠢ ᠨᠡᠷ᠎ᠡ ᠲᠡᠮᠳᠡᠭᠲᠦ ᠰᠦ ᠶᠢᠨ ᠦᠢᠯᠡᠰ ᠤᠨ | ᠬᠥᠲᠥᠴᠢ ᠠᠵᠤ ᠠᠬᠤᠶᠢᠯᠠᠯ ᠢ ᠡᠯᠰᠡᠨ ᠠᠪᠴᠢᠷᠠᠵᠤ᠂ ᠲᠡᠮᠡᠭᠡᠨ ᠤ ᠠᠵᠤ ᠦᠢᠯᠡᠰ ᠤᠨ ᠨᠡᠭᠡᠭᠡᠨ ᠬᠥᠭᠵᠢᠭᠦᠯᠬᠦ | ᠪᠦᠲᠦᠭᠡᠨ ᠪᠠᠶᠢᠭᠤᠯᠤᠯᠲᠠ ᠳᠤ ᠬᠠᠮᠲᠤᠪᠠᠷ ᠣᠷᠣᠯᠴᠠᠨ᠂ ᠠᠯᠠᠱᠠ ᠪᠠᠷᠠᠭᠤᠨ ᠬᠤᠰᠢᠭᠤᠨ ᠤ ᠣᠨᠴᠠᠯᠢᠭ ᠲᠠᠢ | ᠲᠡᠮᠡᠭᠡᠨ ᠤ ᠠᠵᠤ ᠦᠢᠯᠡᠰ ᠤᠨ ᠨᠡᠷ᠎ᠡ ᠲᠡᠮᠳᠡᠭ ᠢ ᠪᠣᠶ ᠪᠣᠯᠭᠠᠵᠤ᠂ ᠪᠦᠲᠦᠭᠡᠭᠳᠡᠬᠦᠨ ᠤ ᠨᠡᠮᠡᠯᠲᠡ ᠥᠷᠲᠡᠭ ᠢ | ᠳᠡᠭᠡᠭᠰᠢᠯᠡᠭᠦᠯᠦᠨ᠂ ᠲᠡᠮᠡᠭᠡᠨ ᠤ ᠠᠵᠤ ᠦᠢᠯᠡᠰ ᠤᠨ ᠵᠣᠬᠢᠴᠠᠩᠭᠤᠢ ᠡᠷᠡᠭᠦᠯ ᠬᠥᠭᠵᠢᠯᠲᠡ ᠶᠢ ᠠᠬᠢᠭᠤᠯᠤᠨ᠎ᠠ ᠬᠡᠵᠦ | ᠵᠢᠭᠠᠨ ᠭᠠᠷᠭᠠᠭᠰᠠᠨ ᠪᠠᠶᠢᠨ᠎ᠠ᠃ | ᠬᠤᠰᠢᠭᠤᠨ ᠤ ᠨᠠᠮ ᠤᠨ ᠬᠤᠷᠢᠶᠠᠨ ᠪᠠᠶᠢᠩᠭᠤ ᠶᠢᠨ ᠬᠡᠰᠢᠬᠦᠨ᠂ ᠬᠤᠰᠢᠭᠤ ᠲᠡᠳ᠋ ᠲᠠᠷᠤᠭ᠎ᠠ ᠸᠠᠩ ᠬᠤᠩ ᠵᠢᠢ | ᠂ ᠬᠤᠰᠢᠭᠤ ᠲᠡᠳ᠋ ᠲᠠᠷᠤᠭ᠎ᠠ ᠶᠧ ᠪᠢᠨ ᠢᠦᠢ ᠵᠢᠴᠢ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ | |