ᠬᠤᠰᠢᠭᠤᠨ ᠤ ᠵᠠᠰᠠᠭ ᠤᠨ ᠤᠷᠳᠤᠨ ᠤ ᠶᠡᠭᠡ ᠬᠡᠷᠡᠭ ᠶᠠᠪᠤᠳᠠᠯ ( ᠭᠤᠷᠪᠠᠳᠤᠭᠠᠷ ᠤᠯᠠᠷᠢᠯ)
ᠨᠡᠶᠢᠲᠡᠯᠡᠭᠰᠡᠨ ᠴᠠᠭ᠄
2024/10/17
       ᠵᠢᠶᠠᠩ ᠪᠢᠩ ᠵᠢᠶᠧ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ    ᠸᠠᠩ ᠬᠤᠩ ᠵᠢᠢ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ︵2024 ᠣᠨ ᠤ 8 ᠰᠠᠷ᠎ᠠ ᠳᠤ ᠲᠤᠰᠢᠶᠠᠯ ᠳᠤ ᠭᠠᠷᠪᠠ︶    ᠸᠠᠩ ᠳ᠋ᠦᠸᠧ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ    ᠤᠳᠬᠤᠨᠴᠢᠮᠡᠭ᠄  ᠳᠡᠳ᠋ ᠬᠤᠰᠢᠭᠤ ᠳᠠᠷᠤᠭ᠎ᠠ    ᠬᠤᠤ ᠱᠢ ᠸᠧᠶ᠄ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ    ᠶᠧ ᠪᠢᠨ ᠢᠦᠶ᠄ ᠳᠡᠳ᠋ ᠬᠤᠰᠢᠭᠤ ᠳᠠᠷᠤᠭ᠎ᠠ    ᠫᠠᠨ ᠼᠦᠨ ᠵᠢᠶᠦ᠋ᠨ᠄ ᠳᠡᠳ᠋ ᠬᠤᠰᠢᠭᠤ ᠳᠠᠷᠤᠭ᠎ᠠ    7 ᠰᠠᠷ᠎ᠠ ᠶᠢᠨ 1 ᠤ ᠡᠳᠦᠷ ᠠᠴᠠ 6 ᠤ ᠡᠳᠦᠷ ᠪᠣᠯᠲᠠᠯ᠎ᠠ᠂ ᠸᠠᠩ ᠳ᠋ᠥᠸᠧ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ᠂ ᠠᠶᠤᠯᠭᠦᠶ ᠦᠢᠯᠡᠳᠪᠦᠷᠢᠯᠡᠯ ᠢ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠢᠭᠤᠷᠳᠠᠨ ᠰᠢᠯᠭᠠᠯᠲᠠ᠂ ᠪᠥᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠰᠠᠶᠢᠵᠢᠷᠠᠭᠤᠯᠤᠯᠲᠠ ᠵᠡᠷᠭᠡ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠪᠠ᠃    7 ᠰᠠᠷ᠎ᠠ ᠶᠢᠨ 6 ᠤ ᠡᠳᠦᠷ᠂ ᠵᠢᠶᠠᠩ ᠪᠢᠩ ᠵᠢᠶᠧ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠨ ᠶᠠᠷᠢᠯᠴᠠᠪᠠ᠃    7 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠸᠠᠩ ᠳ᠋ᠦᠸᠧ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠵᠤ ᠴᠡᠭᠴᠡᠯᠡᠨ ᠵᠠᠰᠠᠬᠤ᠂ ᠲᠥᠷᠥᠯ ᠵᠦᠢᠯ ᠤᠨ ᠣᠷᠣᠨ ᠤ ᠮᠠᠯᠴᠢᠨ ᠲᠠᠷᠢᠶᠠᠴᠢᠨ ᠤ ᠨᠠᠰᠤᠵᠢᠯ ᠤᠨ ᠳᠠᠭᠠᠳᠬᠠᠯ ᠤᠨ ᠪᠠᠲᠤᠯᠠᠭ᠎ᠠ ᠶᠢ ᠳᠠᠭᠠᠬᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠳᠣᠭᠢᠷᠠᠭᠤᠯᠪᠠ᠃    7 ᠰᠠᠷ᠎ᠠ ᠶᠢᠨ 14 ᠤ ᠡᠳᠦᠷ᠂ ᠵᠢᠶᠠᠩ ᠪᠢᠩ ᠵᠢᠶᠧ ᠪᠦᠯᠬᠦᠮ ᠳᠠᠭᠠᠭᠤᠯᠤᠨ ᠪᠥᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠫᠠᠨ ᠼᠦᠨ ᠵᠢᠶᠦ᠋ᠨ ᠪᠠᠶᠠᠨᠭᠤᠣᠯ ᠰᠣᠮᠤᠨ ᠤ ᠱᠤᠸᠠᠩ ᠰᠢᠨ ᠺᠤᠸᠠᠨ ᠸᠠᠨ ᠵᠢᠩ ᠲᠡᠮᠦᠷ ᠤᠨ ᠠᠭᠤᠷᠬᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    7 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠫᠠᠨ ᠼᠦᠨ ᠵᠢᠶᠦ᠋ᠨ ᠪᠥᠸᠧ ᠶᠤᠸᠠᠨ ᠪᠠᠶᠢᠭᠠᠯᠢ ᠶᠢᠨ ᠬᠤᠵᠢᠷ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠪᠠ᠃    7 ᠰᠠᠷ᠎ᠠ ᠶᠢᠨ 18 ᠤ ᠡᠳᠦᠷ᠂ ᠶᠧ ᠪᠢᠨ ᠢᠦᠢ ᠠᠯᠠᠱᠠ ᠪᠠᠷᠠᠭᠤᠨ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    7 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠵᠢᠶᠠᠩ ᠪᠢᠩ ᠵᠢᠶᠧ ᠰᠠᠭᠤᠷᠢᠨ ᠭᠠᠵᠠᠷ ᠤᠨ ᠨᠢᠭᠡᠨ ᠴᠡᠷᠢᠭ ᠠᠩᠭᠢ ᠶᠢᠨ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠬᠤ ᠶᠠᠷᠢᠯᠴᠠᠭᠠᠨ ᠤ ᠬᠤᠷᠠᠯ ᠪᠠ ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ ᠣᠷᠣᠯᠴᠠᠪᠠ᠃    7 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠤᠳᠬᠤᠨᠴᠢᠮᠡᠭ ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠤᠨ ᠬᠤᠷᠠᠯ ᠳᠤ ᠣᠷᠣᠯᠴᠠᠵᠤ᠂ ᠪᠥᠬᠦ ᠠᠶᠢᠮᠠᠭ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠶ ᠵᠠᠰᠠᠭ ᠤᠨ ᠶᠠᠪᠤᠳᠠᠯ ᠢ ᠵᠥᠪᠯᠡᠨ ᠵᠥᠪᠳᠡᠯᠴᠡᠪᠡ᠃    7 ᠰᠠᠷ᠎ᠠ ᠶᠢᠨ 28 ᠤ ᠡᠳᠦᠷ᠂ ᠫᠠᠨ ᠼᠦᠨ ᠵᠢᠶᠦ᠋ᠨ ᠶᠢᠨ ᠴᠠᠩ ᠬᠤᠲᠠ ᠶᠢᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠮᠲᠤᠷᠠᠯᠴᠠᠭ᠎ᠠ ᠬᠥᠭᠵᠢᠯᠲᠡ ᠶᠢᠨ ᠰᠢᠨᠵᠢᠯᠡᠨ ᠪᠠᠶᠢᠴᠠᠭᠠᠵᠤ ᠰᠣᠯᠢᠯᠴᠠᠬᠤ ᠠᠵᠢᠯᠯᠠᠭ᠎ᠠ ᠳᠤ ᠣᠷᠣᠯᠴᠠᠪᠠ᠃    7 ᠰᠠᠷ᠎ᠠ ᠶᠢᠨ 29 ᠤ ᠡᠳᠦᠷ ᠠᠴᠠ 8 ᠰᠠᠷ᠎ᠠ ᠶᠢᠨ 4 ᠤ ᠡᠳᠦᠷ ᠪᠣᠯᠲᠠᠯ᠎ᠠ᠂ ᠫᠠᠨ ᠼᠦᠨ ᠵᠢᠶᠦ᠋ᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠯᠠᠱᠠ ᠪᠠᠷᠠᠭᠤᠨ ᠬᠤᠰᠢᠭᠤᠨ ᠤ ᠱᠠᠯᠠᠪᠳᠠᠭᠤᠯᠤᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃     8 ᠰᠠᠷ᠎ᠠ ᠶᠢᠨ 5 ᠤ ᠡᠳᠦᠷ ᠠᠴᠠ 11 ᠤ ᠡᠳᠦᠷ ᠪᠣᠯᠲᠠᠯ᠎ᠠ᠂ ᠸᠠᠩ  ᠳ᠋ᠥᠸᠧ ᠠᠶᠢᠮᠠᠭ ᠤᠨ ᠵᠠᠬᠢᠷᠭ᠎ᠠ ᠶᠢᠨ ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠪᠠ ᠪᠥᠬᠦ ᠠᠶᠢᠮᠠᠭ ᠤᠨ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃    8 ᠳ᠋ᠤᠭᠠᠷ ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠶᠧ ᠪᠢᠨ ᠢᠦᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠵᠦ ᠪᠦᠦ ᠵᠢᠶᠠᠩ ᠨᠠᠷ ᠠᠯᠠᠱᠠ ᠪᠠᠷᠠᠭᠤᠨ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠠᠵᠢᠯᠯᠠᠭ᠎ᠠ ᠳᠤ ᠣᠷᠣᠯᠴᠠᠪᠠ᠃    8 ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠤᠳᠬᠤᠨᠴᠢᠮᠡᠭ ᠠᠯᠠᠱᠠ ᠠᠶᠢᠮᠠᠭ ᠲᠤ ᠬᠦᠷᠴᠦ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠪᠠ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠤ ᠣᠷᠣᠯᠴᠠᠪᠠ᠃    8 ᠰᠠᠷ᠎ᠠ ᠶᠢᠨ 20 ᠤ ᠡᠳᠦᠷ ᠠᠴᠠ 24 ᠤ ᠡᠳᠦᠷ ᠪᠣᠯᠲᠠᠯ᠎ᠠ᠂ ᠸᠠᠩ ᠬᠤᠩ ᠵᠢᠶ ᠥᠪᠡᠷᠲᠡᠭᠡᠨ ᠵᠠᠰᠠᠬᠤ ᠣᠷᠣᠨ᠂ ᠠᠶᠢᠮᠠᠭ ᠲᠤ ᠬᠦᠷᠴᠦ ᠭᠤᠤᠯᠳᠠᠯᠭ᠎ᠠ ᠲᠠᠢ ᠠᠵᠢᠯ ᠢ ᠵᠣᠯᠭᠠᠭᠤᠯᠪᠠ᠃    9 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠸᠠᠩ ᠬᠤᠩ ᠵᠢᠢ ᠠᠶᠢᠮᠠᠭ ᠲᠤ ᠬᠦᠷᠴᠦ ᠭᠤᠣᠯᠳᠠᠯᠭ᠎ᠠ ᠲᠠᠢ ᠠᠵᠢᠯ ᠢ ᠵᠣᠯᠭᠠᠭᠤᠯᠪᠠ᠃    9 ᠰᠠᠷ᠎ᠠ ᠶᠢᠨ 7 ᠤ ᠡᠳᠦᠷ᠂ ᠬᠤᠤ ᠱᠢ ᠸᠧᠢ ᠠᠯᠠᠱᠠ ᠪᠠᠷᠠᠭᠤᠨ ᠬᠤᠰᠢᠭᠤᠨ ᠤ ᠬᠤᠷᠢᠭᠤᠯ ᠤᠨ ᠭᠠᠵᠠᠷ ᠲᠤ ᠭᠦᠨᠵᠡᠭᠡᠶᠢᠷᠡᠨ ᠬᠤᠷᠢᠭᠤᠯ ᠤᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    9 ᠰᠠᠷ᠎ᠠ ᠶᠢᠨ 8 ᠤ ᠡᠳᠦᠷ᠂ ᠫᠠᠨ ᠼᠦᠨ ᠵᠢᠶᠦ᠋ᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠯᠪᠢᠴᠠᠨ ᠪᠠᠶᠢᠴᠠᠭᠠᠬᠤ ᠳᠤᠭᠤᠶᠢᠯᠠᠩ ᠲᠠᠢ ᠠᠯᠠᠱᠠ ᠪᠠᠷᠠᠭᠤᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    9 ᠰᠠᠷ᠎ᠠ ᠶᠢᠨ 9 ᠤ ᠡᠳᠦᠷ ᠠᠴᠠ 14 ᠤ ᠡᠳᠦᠷ ᠪᠣᠯᠲᠠᠯ᠎ᠠ᠂ ᠵᠢᠶᠠᠩ ᠪᠢᠩ ᠵᠢᠶᠧ ᠪᠡᠭᠡᠵᠢᠩ ᠬᠤᠲᠠ ᠳᠤ ᠲᠤᠰᠬᠠᠶ ᠰᠡᠳᠦᠪᠲᠦ ᠪᠣᠯᠪᠠᠰᠤᠷᠠᠯ ᠳᠤ ᠣᠷᠣᠯᠴᠠᠪᠠ᠃    9 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠤᠳᠬᠤᠨᠴᠢᠮᠡᠭ ᠠᠯᠠᠱᠠ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠰᠢᠶᠠᠨ ᠭᠠᠵᠠᠷ ᠤᠨ ᠲᠠᠰ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠪᠠ᠃     9 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ᠂ ᠸᠠᠩ ᠬᠤᠩ ᠵᠢᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ ᠳᠤ ᠬᠦᠷᠴᠦ ᠭᠤᠣᠯᠳᠠᠯᠭ᠎ᠠ ᠲᠠᠢ ᠠᠵᠢᠯ ᠢ ᠵᠣᠯᠭᠠᠭᠤᠯᠪᠠ᠃

        ᠪᠦᠭᠦ ᠠᠭᠤᠯᠭ᠎ᠠ  ᠶᠢ ᠦᠵᠡᠭᠦ᠄ 网址.docx

 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号