2024 ᠣᠨ ᠳᠤ ᠥᠪᠡᠷᠲᠡᠭᠡᠨ ᠵᠠᠰᠠᠬᠤ ᠣᠷᠣᠨ ᠤ ᠲᠣᠭᠤᠷᠢᠨ ᠡᠮᠴᠢᠯᠡᠬᠦ ᠠᠵᠢᠯ ᠠᠯᠠᠱᠠ ᠪᠠᠷᠠᠭᠤᠨ ᠬᠤᠰᠢᠭᠤᠨ ᠳᠤ ᠡᠬᠢᠯᠡᠭᠰᠡᠨ
ᠨᠡᠶᠢᠲᠡᠯᠡᠭᠰᠡᠨ ᠴᠠᠭ᠄
2024/10/18
     10 ᠰᠠᠷ᠎ᠠ ᠶᠢᠨ 16 ᠤ ᠡᠳᠦᠷ᠂ ᠠᠯᠠᠱᠠ ᠪᠠᠷᠠᠭᠤᠨ ᠬᠤᠰᠢᠭᠤᠨ ᠳᠤ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠠᠩᠭᠢ ᠶᠢᠨ ᠲᠣᠭᠤᠷᠢᠨ ᠡᠮᠴᠢᠯᠡᠬᠦ ᠠᠵᠢᠯ ᠤᠨ ᠡᠬᠢᠯᠡᠯᠲᠡ ᠶᠢᠨ ᠶᠣᠰᠣᠯᠠᠯ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠶᠠᠪᠤᠭᠳᠠᠪᠠ᠃ ᠦᠬᠠᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠲᠣᠭᠤᠷᠢᠨ ᠡᠮᠴᠢᠯᠡᠬᠦ ᠠᠩᠭᠢ ᠶᠢᠨ ᠭᠡᠰᠢᠭᠦᠳ ᠶᠣᠰᠣᠯᠠᠯ ᠳᠤ ᠤᠷᠤᠯᠴᠠᠭᠰᠠᠨ ᠪᠠᠶᠢᠨ᠎ᠠ᠃ 
1.jpg
          ᠡᠬᠢᠯᠡᠯᠳᠡ ᠶᠢᠨ ᠶᠤᠰᠤᠯᠠᠯ ᠲᠡᠭᠡᠷ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠣᠭᠤᠷᠢᠨ  ᠡᠮᠴᠢᠯᠡᠬᠦ  ᠠᠩᠭᠢ ᠶᠢᠨ ᠲᠤᠰᠬᠠᠢ ᠮᠡᠷᠭᠡᠵᠢᠯᠲᠡᠨ  ᠤ ᠬᠦᠷᠦᠯᠴᠡᠨ ᠢᠷᠡᠭᠰᠡᠨ ᠳᠤ ᠪᠠᠶᠠᠷᠯᠠᠨ ᠲᠠᠯᠠᠷᠬᠠᠭᠠᠳ ᠵᠢᠭᠠᠨ ᠭᠠᠷᠭᠠᠭᠰᠠᠨ ᠨᠢ᠂ ᠲᠤᠰ ᠤᠳᠠᠭᠠᠨ ᠤ ᠲᠣᠭᠤᠷᠢᠨ ᠡᠮᠴᠢᠯᠡᠭᠡ ᠨᠢ ᠮᠠᠨ ᠤ ᠬᠤᠰᠢᠭᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠬᠢᠷᠢ ᠲᠦᠪᠰᠢᠨ᠂ ᠬᠠᠮᠢᠶᠠᠷᠤᠯᠲᠠ ᠶᠢᠨ ᠴᠢᠳᠠᠪᠤᠷᠢ ᠶᠢ ᠴᠢᠩᠭᠠᠳᠬᠠᠬᠤ᠂ ᠠᠷᠠᠳ ᠣᠯᠠᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠣᠭᠤᠷᠢᠨ  ᠡᠮᠴᠢᠯᠡᠬᠦ ᠠᠩᠭᠢ ᠲᠠᠢ ᠬᠠᠮᠵᠢᠯᠴᠠᠨ᠂ ᠰᠢᠯᠢᠳᠡᠭ ᠦᠢᠯᠡᠴᠢᠯᠡᠭᠡ ᠶᠢ ᠠᠷᠠᠳ ᠣᠯᠠᠨ ᠳᠤ ᠬᠦᠷᠭᠡᠬᠦ ᠶᠢᠨ ᠬᠠᠮᠲᠤ ᠲᠣᠰ ᠤᠳᠠᠭᠠᠨ ᠤ ᠲᠣᠬᠢᠶᠠᠯ ᠢᠶᠠᠷ ᠳᠠᠮᠵᠢᠭᠤᠯᠤᠨ᠂ ᠬᠤᠶᠠᠷ ᠲᠠᠯ᠎ᠠ ᠶᠢᠨ  ᠬᠠᠮᠲᠤᠷᠠᠯᠴᠠᠭ᠎ᠠ ᠰᠣᠯᠢᠯᠴᠠᠭ᠎ᠠ  ᠪᠠᠨ  ᠨᠡᠮᠡᠭᠳᠡᠭᠦᠯᠦᠨ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠂ ᠲᠤᠷᠰᠢᠯᠭ᠎ᠠ  ᠬᠤᠷᠠᠮᠳᠤᠭᠤᠯᠤᠨ᠎ᠠ᠃ ᠦᠬᠠᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠵᠠᠩ ᠸᠧᠢ ᠭᠦᠸᠧ ᠬᠡᠯᠡᠬᠦ ᠳᠡᠭᠡᠨ᠂ ᠲᠣᠭᠤᠷᠢᠨ ᠡᠮᠴᠢᠯᠡᠬᠦ ᠠᠩᠭᠢ ᠠᠯᠠᠱᠠ ᠪᠠᠷᠠᠭᠤᠨ ᠬᠤᠰᠢᠭᠤᠨ ᠤ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂  ᠡᠮᠨᠡᠯᠭᠡ ᠶᠢᠨ ᠦᠢᠯᠡᠴᠢᠯᠡᠭᠡ ᠪᠠ ᠬᠠᠪᠰᠤᠷᠤᠨ ᠵᠢᠯᠣᠭᠤᠳᠴᠤ ᠳᠠᠭᠠᠭᠤᠯᠤᠨ ᠰᠤᠷᠭᠠᠬᠤ ᠠᠵᠢᠯ ᠢ ᠯᠠᠪᠳᠠᠭᠤᠨ ᠥᠷᠨᠢᠭᠦᠯᠵᠦ᠂  ᠲᠣᠭᠤᠷᠢᠨ ᠡᠮᠴᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ  ᠪᠠᠲᠤᠯᠠᠵᠤ᠂ ᠣᠷᠣᠨ ᠨᠤᠲᠤᠭ ᠤᠨ ᠡᠮᠨᠡᠯᠭᠡ ᠶᠢᠨ ᠠᠵᠢᠯᠲᠠᠨ ᠤ ᠮᠡᠷᠭᠡᠵᠢᠯ ᠤᠨ ᠬᠢᠷᠢ ᠬᠡᠮᠵᠢᠶ᠎ᠡ᠂ ᠦᠢᠯᠡᠴᠢᠯᠡᠭᠡᠨ ᠤ ᠴᠢᠳᠠᠪᠤᠷᠢ ᠪᠠ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠪᠦᠲᠦᠮᠵᠢᠲᠡᠶ ᠬᠦᠴᠦᠨ ᠨᠡᠮᠡᠷᠢᠯᠡᠨ᠎ᠡ ᠬᠡᠯ᠎ᠡ᠃
2.jpg
      ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠲᠣᠭᠤᠷᠢᠨ ᠡᠮᠴᠢᠯᠡᠬᠦ ᠠᠩᠭᠢ ᠶᠢᠨ ᠭᠡᠰᠢᠭᠦᠨ ᠨᠠᠷ  ᠡᠮᠨᠡᠯᠭᠡ ᠶᠢᠨ ᠰᠠᠯᠠᠭ᠎ᠠ ᠲᠠᠰᠤᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠵᠢᠭᠠᠨ ᠵᠢᠯᠣᠭᠤᠳᠪᠠ᠃ ᠣᠶᠢᠯᠠᠭᠠᠭᠰᠠᠨ ᠢᠶᠠᠷ᠂ ᠲᠣᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠲᠣᠭᠤᠷᠢᠨ ᠡᠮᠴᠢᠯᠡᠬᠦ ᠠᠩᠭᠢ ᠶᠢᠨ ᠦᠬᠠᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠬᠦᠨᠳᠦ  ᠡᠪᠡᠳᠴᠢᠲᠡᠨ ᠤ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠬᠡᠦᠬᠡᠳ ᠤᠨ ᠰᠠᠯᠠᠭ᠎ᠠ᠂ ᠠᠨᠠᠭᠠᠬᠤ ᠤᠬᠠᠭᠠᠨ ᠤ ᠬᠡᠷᠡᠯ ᠵᠢᠷᠤᠭ ᠤᠨ ᠰᠠᠯᠠᠭ᠎ᠠ ᠶᠢᠨ ᠲᠤᠰᠬᠠᠢ ᠮᠡᠷᠭᠡᠵᠢᠯ ᠤᠨ ᠭᠤᠣᠯᠯᠠᠭᠴᠢ ᠡᠮᠴᠢ ᠪᠠᠷ ᠪᠦᠷᠢᠯᠳᠦᠭᠰᠡᠨ ᠲᠣᠭᠤᠷᠢᠨ  ᠡᠮᠴᠢᠯᠡᠬᠦ ᠠᠩᠭᠢ ᠨᠢ 2024 ᠣᠨ ᠤ 10 ᠰᠠᠷ᠎ᠠ ᠶᠢᠨ 15 ᠤ ᠡᠳᠦᠷ ᠠᠴᠠ ᠡᠬᠢᠯᠡᠨ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ  ᠬᠤᠷᠢᠶᠠᠨ ᠳᠤ 4 ᠭᠠᠷᠠᠭ ᠤᠨ ᠬᠤᠭᠤᠴᠠᠭ᠎ᠠ  ᠲᠠᠢ ᠲᠣᠭᠤᠷᠢᠨ ᠡᠮᠴᠢᠯᠡᠬᠦ ᠠᠵᠢᠯ ᠥᠷᠨᠢᠭᠦᠯᠵᠦ᠂ ᠡᠭᠦᠨ ᠳᠤ ᠨᠢᠭᠡ ᠭᠠᠷᠠᠭ ᠤᠨ  ᠬᠤᠭᠤᠴᠠᠭ᠎ᠠ ᠶᠢ ᠬᠡᠷᠡᠭᠰᠡᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ  ᠬᠠᠮᠲᠤᠷᠠᠨ  ᠪᠥᠬᠦ ᠬᠤᠰᠢᠭᠤᠨ ᠤ ᠬᠡᠰᠡᠭ ᠰᠤᠮᠤ ᠪᠠᠯᠭᠠᠰᠤ᠂ ᠭᠠᠴᠠᠭ᠎ᠠ ᠳᠤ ᠭᠦᠨᠵᠡᠭᠡᠶᠢᠷᠡᠨ ᠲᠣᠭᠤᠷᠢᠨ ᠡᠮᠴᠢᠯᠡᠬᠦ ᠦᠢᠯᠡᠴᠢᠯᠡᠭᠡ ᠥᠷᠨᠢᠭᠦᠯᠵᠦ᠂ ᠮᠠᠯᠴᠢᠨ ᠲᠠᠷᠢᠶᠠᠴᠢᠨ ᠳᠤ ᠡᠷᠡᠭᠦᠯ ᠮᠡᠨᠳᠦ ᠶᠢᠨ ᠪᠠᠶᠢᠴᠠᠭᠠᠯᠲᠠ᠂ ᠡᠪᠡᠳᠴᠢᠨ ᠡᠮᠭᠡᠭ ᠤᠨ ᠣᠨᠣᠰᠢᠯᠠᠯ᠂ ᠡᠮᠴᠢᠯᠡᠭᠡᠨ ᠤ ᠰᠠᠨᠠᠭᠤᠯᠭ᠎ᠠ᠂ ᠡᠷᠡᠭᠦᠯ ᠮᠡᠨᠳᠦ ᠶᠢᠨ ᠯᠠᠪᠯᠠᠯᠲᠠ ᠵᠡᠷᠭᠡ ᠦᠢᠯᠡᠴᠢᠯᠡᠭᠡ ᠬᠠᠩᠭᠠᠵᠤ᠂  ᠨᠥᠭᠦᠭᠡ  3 ᠭᠠᠷᠠᠭ ᠨᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠰᠠᠭᠤᠵᠤ ᠡᠪᠡᠳᠴᠢᠨ ᠦᠵᠡᠵᠦ ᠂ ᠡᠮᠨᠡᠯᠭᠡ ᠶᠢᠨ  ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠨ᠎ᠡ᠃  
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号