ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2024/10/23
    10 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ︽ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ  ᠰᠠᠨᠠᠯ  ᠢᠶᠠᠨ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠬᠤᠷᠠᠯ ᠢ ᠡᠷᠭᠢᠯᠡᠵᠦ᠂ ᠶᠠᠩ ᠯᠢ ᠶᠦᠨ᠂ ᠰᠦᠨ ᠭᠠᠩ ᠳ᠋ᠧ᠂ ᠶᠠᠩ ᠱᠣᠤ ᠴᠦᠨ ᠵᠡᠷᠭᠡ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠥᠪᠥᠷ ᠮᠣᠩᠭᠤᠯ ᠤᠨ ᠶᠠᠷᠢᠶᠠᠨ ᠤ ᠲᠠᠪᠴᠠᠩ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠶᠧ ᠪᠢᠨ ᠢᠦᠢ᠂ ᠸᠠᠩ ᠳ᠋ᠦᠩ ᠲᠤᠬᠠᠢ ᠶᠢᠨ ᠲᠠᠯᠠᠪᠠᠢ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠤᠨ ᠮᠠᠲ᠋ᠧᠷᠢᠶᠠᠯ ᠢᠶᠠᠨ ᠲᠤᠰᠢᠶᠠᠪᠠ᠃    ᠭᠤᠤ ᠵᠧᠩ  ᠴᠢᠬᠤᠯᠴᠢᠯᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ  ᠴᠤᠭᠴᠯᠠᠬᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ   ᠶᠢ ᠯᠠᠪᠳᠠᠭᠤᠨ ᠪᠠᠳᠣᠲᠠᠢ ᠰᠠᠶᠢᠳᠤᠷ ᠭᠢᠵᠤ᠂ ᠠᠶᠤᠯᠲᠠᠢ ᠬᠠᠶᠠᠭᠳᠠᠮᠠᠯ ᠪᠣᠳᠠᠰ ᠢ ᠴᠤᠭᠯᠠᠭᠤᠯᠤᠨ ᠰᠢᠢᠳᠪᠦᠷᠢᠯᠡᠬᠦ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠂ ᠡᠯᠡᠰᠦ  ᠮᠠᠩᠬ᠎ᠠ ᠶᠢ  ᠰᠡᠷᠭᠡᠶᠢᠯᠡᠨ  ᠵᠠᠰᠠᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠦᠳᠦᠭᠡᠨ ᠪᠠᠶᠢᠭᠤᠯᠤᠯᠲᠠ ᠶᠢᠨ  ᠵᠢᠯ ᠤᠨ ᠡᠭᠦᠷᠭᠡ ᠶᠢ  ᠲᠦᠷᠭᠡᠳᠭᠡᠨ ᠭᠡᠷᠡᠭᠵᠢᠭᠦᠯᠵᠤ᠂ ︽ᠪᠠᠳᠠᠢ ᠶᠢᠨ ᠵᠢᠷᠠᠨ ᠡᠯᠡᠰᠦ -  ᠡᠯᠡᠰᠦᠨ ᠴᠤᠭᠢᠶ᠎ᠠ ᠨᠠᠭᠤᠷ ᠪᠦᠷᠢᠳᠤ ᠶᠢᠨ ᠰᠦᠷᠦᠭᠵᠢᠯ︾   ᠤᠨ ᠳᠡᠯᠡᠬᠡᠢ ᠶᠢᠨ ᠪᠠᠶᠢᠭᠠᠯᠢ ᠶᠢᠨ ᠥᠪ ᠢ ᠬᠠᠮᠠᠭᠠᠯᠠᠨ ᠤᠯᠠᠮᠵᠢᠯᠠᠨ  ᠵᠠᠯᠭᠠᠮᠵᠢᠯᠠᠵᠤ ᠠᠰᠢᠭᠯᠠᠬᠤ ᠠᠵᠢᠯ ᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠦᠨᠡᠨᠬᠦ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠢᠶᠠᠷ ᠬᠠᠮᠠᠭᠠᠯᠠᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃   
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号