ᠠᠶᠢᠮᠠᠭ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠮᠠᠨᠳᠤᠯ ᠰᠤᠮᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2024/10/24
     10 ᠰᠠᠷ᠎ᠠ ᠶᠢᠨ 14 ᠤ ᠡᠳᠦᠷ᠂ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠧᠤ ᠯᠸᠢ ᠸᠧᠨ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠬᠡᠪᠠᠭᠠᠲᠤᠷ᠂ ᠳᠡᠳ᠋ ᠲᠣᠪᠴᠢᠶᠠᠨ ᠳᠠᠷᠤᠭ᠎ᠠ  ᠸᠧᠨ ᠸᠧᠶ ᠳ᠋ᠦᠩ ᠨᠡᠷ  ᠮᠠᠨᠳᠣᠯ ᠰᠤᠮᠤᠨ ᠳᠤ ᠬᠦᠷᠴᠦ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠬᠦᠷᠢᠶᠡᠨ ᠳᠠᠬᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂  ᠮᠠᠨᠳᠤᠯ ᠰᠣᠮᠦᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠬᠠᠨ ᠭᠥᠸᠧ ᠹᠤᠩ ᠪᠠᠷ᠎ᠠ ᠪᠣᠯᠪᠠ᠃
1.png
         ᠵᠧᠤ  ᠯᠸᠢ ᠸᠧᠨ᠂ ᠮᠠᠨᠳᠤᠯ ᠰᠤᠮᠤᠨ ᠤ ᠰᠠᠭᠤᠭ᠎ᠠ  ᠭᠠᠵᠠᠷ ᠤᠨ ᠬᠤᠶᠠᠷ ᠲᠣᠰᠬᠤᠨ ᠤ ᠬᠠᠮᠲᠤᠷᠠᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠥᠷᠲᠡᠭᠡ᠂  ᠰᠢᠯᠢᠨᠪᠤᠯᠠᠭ ᠭᠠᠴᠠᠭᠠᠨ ᠤ ᠨᠠᠰᠤᠵᠢᠯ ᠤᠨ  ᠦᠢᠯᠡᠴᠢᠯᠡᠭᠡᠨ ᠤ ᠥᠷᠲᠡᠭᠡ᠂ ᠪᠠᠨᠲ᠋ᠠᠨᠵᠢᠩ  ᠤᠨ ᠭᠤᠷᠪᠠᠨ ᠲᠣᠰᠬᠤᠨ ᠤ ᠬᠠᠮᠲᠤᠷᠠᠨ ᠪᠠᠶᠢᠭᠤᠯᠤᠭᠰᠠᠨ ᠨᠠᠰᠤᠵᠢᠯ ᠤᠨ  ᠦᠢᠯᠡᠴᠢᠯᠡᠭᠡᠨ ᠤ ᠥᠷᠲᠡᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠨᠠᠰᠤᠵᠢᠯ ᠤᠨ  ᠦᠢᠯᠡᠴᠢᠯᠡᠭᠡᠨ‌‍ᠨ ᠤ ᠥᠷᠲᠡᠭᠡ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ᠂ ᠡᠵᠡᠩᠨᠡᠯᠲᠡ ᠬᠠᠮᠢᠶᠠᠷᠤᠯᠲᠠ᠂ ᠡᠷᠡᠭᠦᠯ ᠬᠠᠮᠠᠭᠠᠯᠠᠯ ᠤᠨ  ᠦᠢᠯᠡᠴᠢᠯᠡᠭᠡ ᠵᠡᠷᠭᠡ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠃
2.png
         ᠵᠧᠤ ᠯᠸᠢ ᠸᠧᠨ᠂  ᠮᠠᠨᠳᠤᠯ ᠰᠤᠮᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠬᠥᠭᠵᠢᠯᠲᠡ ᠶᠢᠨ ᠪᠠᠶᠢᠳᠠᠯ ᠲᠤ ᠮᠠᠰᠢ ᠢᠳᠡᠭᠡᠯ ᠲᠠᠢ  ᠪᠠᠶᠢᠵᠤ ᠂ ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠴᠢᠬᠤᠯᠠ ᠴᠢᠨᠠᠷ ᠢᠳᠡᠭ ᠢᠳᠡᠭ ᠢᠶᠠᠷ ᠲᠣᠪᠤᠶᠢᠮ᠎ᠠ ᠪᠣᠯᠵᠣ ᠪᠠᠶᠢᠨ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠨᠠᠰᠤᠲᠠᠶᠢᠴᠤᠳ ᠤᠨ ᠬᠡᠷᠡᠭᠴᠡᠭᠡ ᠳᠤ ᠨᠡᠶᠢᠴᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠬᠠᠩᠭᠠᠵᠤ᠂ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡ ᠶᠢ ᠨᠡᠶᠢᠳᠡᠮ ᠪᠥᠷᠬᠦᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号