ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠬᠢᠨ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠰᠠᠭᠤᠷᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/10/24
     ᠠᠷᠠᠳ ᠣᠯᠠᠨ ᠤ ᠢᠳᠡᠭᠡᠨ ᠤᠮᠳᠠᠭᠠᠨ᠂ ᠭᠠᠯ ᠤᠨᠲᠠᠷᠠᠭᠠᠬᠤ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠵᠤ᠂  ᠬᠠᠷᠢᠶ᠎ᠠ ᠣᠷᠣᠨ ᠤ ᠢᠳᠡᠭᠡᠨ  ᠤᠮᠳᠠᠭᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ ᠮᠠᠨᠳᠤᠯ ᠰᠤᠮᠤ ᠂ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠠᠢ ᠬᠠᠮᠲᠤᠷᠠᠨ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠳᠡᠯᠭᠡᠭᠦᠷ᠂ ᠲᠣᠰᠣ ᠨᠡᠮᠡᠬᠦ ᠥᠷᠲᠡᠭᠡ᠂ ᠬᠡᠶ ᠨᠡᠮᠡᠬᠦ ᠥᠷᠲᠡᠭᠡ᠂  ᠭᠡᠳᠤ ᠳᠡᠯᠭᠡᠭᠦᠷ ᠲᠤ ᠢᠳᠡᠭᠡᠨ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃
1.png
       ᠪᠠᠶᠢᠴᠠᠭᠠᠬᠤ ᠳᠤᠮᠳᠠ᠂ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠲᠠᠸᠠᠷ ᠤᠨ ᠰᠢᠨ᠎ᠡ ᠰᠣᠷᠭᠤᠭ ᠤᠨ ᠬᠡᠮᠵᠢᠶ᠎ᠡ᠂ ᠳᠡᠯᠭᠡᠭᠦᠷ ᠤᠨ  ᠳᠤᠳᠤᠷᠠᠭᠢ ᠠᠷᠢᠭᠤᠨ ᠴᠡᠪᠡᠷ᠂ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠪᠣᠳᠠᠲᠠᠶ ᠪᠠᠶᠢᠴᠠᠭᠠᠨ ᠦᠵᠡᠵᠦ᠂ ᠬᠤᠭᠤᠴᠠᠭ᠎ᠠ ᠠᠴᠠ ᠬᠡᠲᠦᠷᠡᠭᠰᠡᠨ᠂ ︽ᠭᠤᠷᠪᠠ ᠥᠬᠡᠶ︾ ᠵᠢᠴᠢ ᠢᠳᠡᠭᠡᠨ ᠤ ᠴᠢᠨᠠᠷ ᠬᠤᠪᠢᠷᠬᠠᠰᠠᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ  ᠨᠠᠷᠠᠯᠢᠭ ᠪᠠᠶᠢᠴᠠᠭᠠᠨ ᠦᠵᠡᠭᠰᠡᠨ ᠪᠥᠭᠡᠳ ᠪᠠᠰᠠ ᠭᠠᠯ ᠤᠨᠲᠠᠷᠠᠭᠠᠬᠤ  ᠲᠤᠨᠤᠭ ᠲᠥᠬᠦᠭᠡᠷᠦᠮᠵᠢ ᠪᠦᠷᠢᠨ ᠭᠦᠢᠴᠡᠳ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠬᠠᠤᠯᠢ ᠬᠡᠷᠡᠭᠵᠢᠭᠦᠯᠬᠦ ᠠᠩᠭᠢ ᠬᠤᠳᠠᠯᠳᠤᠭᠠᠨ ᠤ ᠳᠡᠯᠭᠡᠭᠦᠷ ᠤᠨ ᠡᠵᠡᠩᠨᠡᠭᠴᠢ ᠶᠢ ᠦᠨᠡᠨᠴᠢ ᠢᠲᠡᠭᠡᠮᠵᠢ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠳᠤ ᠡᠶ᠎ᠡ ᠵᠣᠬᠢᠴᠠᠩᠭᠤᠶ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
2.png
      ᠮᠠᠨᠳᠤᠯ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠠᠶᠤᠯᠭᠦᠶ  ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠤᠨ ᠠᠷᠭ᠎ᠠ ᠬᠡᠯᠪᠡᠷᠢ ᠪᠠᠨ ᠶᠡᠭᠡ ᠪᠠᠷ ᠰᠢᠯᠢᠳᠡᠭᠵᠢᠭᠦᠯᠵᠦ᠂ ᠲᠤᠰᠬᠠᠶ  ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠵᠢᠷᠤᠮᠵᠢᠭᠤᠯᠵᠤ᠂ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠲᠠᠯ᠎ᠠ ᠪᠠᠷ ᠰᠠᠬᠢᠨ ᠬᠠᠮᠠᠭᠠᠯᠠᠵᠤ᠂ ᠮᠠᠯᠴᠢᠨ ᠲᠠᠷᠢᠶᠠᠴᠢᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号