ᠠᠯᠠᠱᠠ ᠪᠠᠷᠠᠭᠤᠨ ᠬᠤᠰᠢᠭᠤ ᠭᠡᠷ ᠤᠨ ᠲᠤᠯᠠᠭᠠᠨ ᠢ  ᠭᠡᠮᠵᠢᠭᠦ 200 ᠰᠠᠭᠤᠷᠢ ᠣᠶᠤᠨᠯᠢᠭ ᠲᠦᠭᠦᠭᠡᠷᠦᠮᠵᠢ  ᠶᠢ ᠪᠠᠲᠠᠢ ᠶᠢᠨ ᠵᠢᠷᠠᠨ ᠪᠠᠯᠭᠠᠰᠤᠨ ᠳᠤ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2024/10/25
     ᠢᠯᠴᠢ ᠬᠠᠩᠭᠠᠬᠤ ᠡᠷᠦᠭᠡ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠢᠯᠴᠢ ᠬᠠᠩᠭᠠᠬᠤ ᠦᠷ᠎ᠡ ᠪᠦᠲᠦᠮᠵᠢ  ᠪᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠣᠷᠣᠨ ᠰᠠᠭᠤᠴᠠ  ᠪᠤᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ  ᠠᠴᠠ ᠬᠡᠷ ᠤᠨ ᠳᠤᠯᠠᠭᠠᠨ ᠢ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠬᠤ ᠠᠵᠢᠯ ᠢ ᠢᠳᠡᠪᠬᠢᠲᠡᠶ ᠠᠬᠢᠭᠤᠯᠵᠤ᠂ ᠪᠠᠳᠠᠢ ᠶᠢᠨ ᠵᠢᠷᠠᠨ ᠪᠠᠯᠭᠠᠰᠤᠨ ᠤ ᠲᠣᠭᠤᠷᠢᠭ ᠤᠨ ᠢᠯᠴᠢ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠤ ᠪᠠᠶᠢᠨ᠎ᠠ᠃    ᠪᠠᠳᠠᠢ ᠶᠢᠨ ᠵᠢᠷᠠᠨ ᠪᠠᠯᠭᠠᠰᠤᠨ ᠤ ᠹᠧᠩ ᠽᠧ ᠶᠤᠸᠠᠨ ᠰᠠᠭᠤᠭᠠᠯᠢ ᠲᠣᠭᠤᠷᠢᠭ ᠲᠤ᠂  ᠠᠵᠢᠯᠳᠠᠨ ᠠᠴᠠ ᠲᠣᠬᠢᠶᠠᠯᠳᠤᠯ ᠢᠶᠠᠷ ᠰᠣᠩᠭᠤᠭᠳᠠᠭᠰᠠᠨ ᠢᠯᠴᠢ ᠬᠠᠩᠭᠠᠬᠤ ᠡᠷᠦᠭᠡ ᠪᠠᠷ ᠭᠦᠷᠴᠦ᠂ ᠬᠡᠷ ᠤᠨ ᠳᠤᠯᠠᠭᠠᠨ ᠢ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠬᠢᠨᠠᠨ ᠬᠡᠮᠵᠢᠬᠦ ᠲᠥᠬᠦᠭᠡᠷᠦᠮᠵᠢ ᠶᠢᠨ ᠦᠢᠯᠡᠳᠦᠯ  ᠪᠤᠯᠤᠨ ᠬᠡᠷᠡᠭᠯᠡᠬᠦ ᠠᠷᠭ᠎ᠠ ᠶᠢ ᠭᠡᠷᠡᠭᠯᠡᠭᠴᠢᠳ ᠲᠤ ᠲᠠᠶᠢᠯᠪᠤᠷᠢᠯᠠᠨ᠂ ᠢᠯᠴᠢ ᠬᠠᠩᠭᠠᠬᠤ ᠦᠢᠯᠡᠴᠢᠯᠡᠭᠡ  ᠶᠢᠨ ᠨᠠᠷᠠᠯᠢᠭ ᠣᠨᠣᠪᠴᠢᠲᠠᠶ᠂ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠵᠤ ᠪᠠᠶᠢᠨ᠎ᠠ᠃ 
s_95747d4b92a94e8783a5fe2e0bbad7b8.jpg
         ᠣᠶᠢᠯᠠᠭᠠᠭᠰᠠᠨ ᠢᠶᠠᠷ᠂ ᠲᠣᠰ ᠤᠳᠠᠭᠠᠨ ᠤ ᠭᠡᠷ ᠤᠨ ᠳᠤᠯᠠᠭᠠᠨ   ᠢ ᠭᠡᠮᠵᠢᠭᠦ ᠤᠶᠤᠨᠯᠢᠭ ᠭᠢᠨᠠᠨ ᠡᠵᠡᠮᠳᠡᠭᠦ ᠲᠥᠬᠦᠭᠡᠷᠦᠮᠵᠢ   ᠶᠢ ᠨᠡᠶᠢᠳᠡ 200 ᠰᠠᠭᠤᠷᠢ ᠤᠭᠰᠠᠷᠠᠨ᠎ᠠ᠃ ᠡᠲᠡᠭᠡᠷ ᠲᠥᠬᠦᠭᠡᠷᠦᠮᠵᠢ  ᠶᠢ ᠰᠠᠭᠤᠭᠠᠯᠢ ᠲᠣᠭᠤᠷᠢᠭ  ᠤᠨ ᠤᠷᠦᠢ ᠶᠢᠨ ᠲᠠᠪᠬᠤᠷᠭ᠎ᠠ ᠪᠤᠶᠤ ᠨᠢᠭᠡᠳᠦᠭᠡᠷ ᠠᠰᠠᠷ ᠤᠨ ᠳᠤᠯᠠᠭᠠᠯᠠᠭ᠎ᠠ ᠶᠢᠨ ᠨᠥᠬᠦᠴᠡᠯ ᠨᠢ ᠬᠠᠷᠢᠴᠠᠩᠭᠤᠶ ᠠᠰᠢᠭ ᠦᠭᠡᠢ ᠪᠠᠶᠢᠳᠠᠯ ᠲᠤ ᠲᠤᠭᠢᠷᠠᠭᠤᠯᠵᠤ᠂ ᠦᠩᠭᠡᠷᠡᠭᠦ ᠵᠢᠯ ᠲᠤ ᠭᠡᠷ ᠤᠨ ᠳᠣᠯᠠᠭᠠᠨ ᠠᠨᠠᠢ  ᠪᠠᠶᠢᠭᠰᠠᠨ ᠡᠷᠦᠬᠡ ᠶᠢ ᠤᠨᠴᠠᠭᠠᠶᠢᠯᠠᠨ ᠪᠤᠳᠤᠯᠭᠢᠯᠠᠵᠦ᠂ ᠮᠡᠷᠭᠡᠵᠢᠯ ᠤᠨ ᠬᠢᠨᠠᠨ ᠬᠡᠮᠵᠢᠯᠲᠡ ᠪᠠᠷ ᠳᠡᠮᠵᠢᠨ᠂ ᠬᠡᠷ ᠤᠨ ᠳᠣᠲᠣᠷᠠᠬᠢ ᠳᠤᠯᠠᠭᠠᠨ ᠤ ᠲᠤᠭ᠎ᠠ ᠪᠠᠷᠢᠮᠲᠠ ᠶᠢ ᠤᠨᠤᠪᠴᠢᠲᠠᠢ ᠭᠡᠮᠵᠢᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠰᠠᠭᠤᠭᠠᠯᠢ ᠲᠣᠭᠤᠷᠢᠭ ᠤᠨ ᠢᠯᠴᠢ  ᠬᠠᠩᠭᠠᠯᠳᠠ ᠶᠢᠨ ᠪᠠᠶᠢᠳᠠᠯ ᠢ ᠨᠠᠩ ᠣᠨᠣᠪᠴᠢᠲᠠᠶ ᠡᠵᠡᠮᠳᠡᠨ ᠴᠠᠭ ᠲᠠᠷᠦᠢ  ᠳᠤᠨᠢ  ᠲᠤᠭᠢᠷᠠᠭᠤᠯᠤᠯᠳᠠ ᠭᠢᠵᠤ ᠂ ᠢᠯᠴᠢ ᠬᠠᠩᠭᠠᠬᠤ  ᠪᠠᠶᠢᠳᠠᠯ  ᠢ ᠬᠠᠮᠤᠭ ᠤᠨ  ᠲᠤᠭᠢᠷᠤᠮᠵᠢᠲᠠᠢ ᠪᠠᠶᠢᠬᠤ ᠶᠢ ᠪᠠᠳᠤᠯᠠᠨ᠎ᠠ᠃     ᠠᠯᠠᠱᠠ ᠪᠠᠷᠠᠭᠤᠨ ᠬᠤᠰᠢᠭᠤᠨ ᠤ ᠣᠷᠣᠨ ᠰᠠᠭᠤᠴᠠ  ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠫᠠᠨ ᠳ᠋ᠥᠸᠧ ᠴᠢᠤᠸᠠᠨ᠄     ᠲᠠᠷᠠᠭ᠎ᠠ ᠠᠯᠬᠤᠮ ᠳᠤ᠂ ᠮᠠᠨ ᠤ ᠲᠣᠪᠴᠢᠶ᠎ᠠ ᠢᠯᠴᠢ ᠬᠠᠩᠭᠠᠬᠤ ᠠᠵᠤ ᠠᠬᠤᠶᠢᠯᠠᠯ ᠢ  ᠰᠢᠪᠳᠣᠨ ᠬᠡᠷ   ᠤᠨ ᠳᠤᠯᠠᠭᠠᠨ ᠢ ᠬᠢᠨᠠᠨ ᠬᠡᠮᠵᠢᠬᠦ ᠪᠠᠷ  ᠲᠣᠬᠢᠶᠠᠯ ᠪᠣᠯᠭᠠᠵᠤ᠂ ᠣᠶᠤᠨᠯᠢᠭ ᠢᠯᠴᠢ ᠬᠠᠩᠭᠠᠬᠤ ᠲᠠᠪᠴᠠᠩ ᠢ ᠤᠯᠠᠮ ᠨᠢᠭᠡ ᠠᠯᠬᠤᠮ ᠰᠢᠯᠢᠳᠡᠭᠵᠢᠭᠦᠯᠵᠤ᠂ ᠪᠠᠯᠭᠠᠰᠤᠨ ᠲᠣᠭᠤᠷᠢᠭ ᠤᠨ  ᠳᠦᠪᠯᠡᠷᠡᠩᠭᠦᠢ ᠢᠯᠴᠢ ᠬᠠᠩᠭᠠᠬᠤ  ᠬᠠᠮᠢᠶᠠᠷᠤᠯᠲᠠ ᠶᠢ ᠲᠠᠰᠤᠷᠠᠯᠲᠠ ᠥᠬᠡᠶ  ᠲᠦᠯᠭᠢᠨ ᠠᠭᠢᠭᠤᠯᠵᠤ ᠂ ᠢᠯᠴᠢ ᠬᠠᠩᠭᠠᠬᠤ ᠰᠢᠰᠲ᠋ᠧᠮ ᠤᠨ ᠠᠶᠤᠯ ᠦᠭᠡᠢ ᠪᠠᠶᠢᠳᠠᠯ᠂ ᠥᠨᠳᠥᠷ ᠪᠦᠲᠦᠮᠵᠢᠲᠡᠶ ᠠᠵᠢᠯᠯᠠᠭᠠᠨ ᠢ  ᠴᠢᠩᠭᠠᠳᠬᠠᠨ ᠂ ᠢᠯᠴᠢ ᠬᠠᠩᠭᠠᠬᠤ ᠦᠢᠯᠡᠴᠢᠯᠡᠭᠡᠨ ᠤ ᠬᠢᠷᠢ ᠲᠦᠪᠰᠢᠨ ᠢ  ᠲᠡᠭᠡᠭᠰᠢᠯᠡᠭᠦᠯᠵᠤ᠂ ᠰᠠᠭᠤᠭᠠᠯᠢ ᠲᠣᠭᠤᠷᠢᠭ ᠲᠤ  ᠴᠢᠨᠠᠷᠯᠢᠭ ᠦᠢᠯᠡᠴᠢᠯᠡᠭᠡ ᠬᠠᠩᠭᠠᠨ᠎ᠠ᠃ 
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号