ᠪᠣᠯᠪᠠᠰᠤᠷᠠᠯ ᠤᠨ ᠴᠡᠷᠢᠭ ᠠᠩᠭᠢ ᠠᠯᠲᠠᠨᠴᠤᠭ ᠰᠤᠮᠤᠨ ᠳᠤ ᠬᠦᠷᠴᠦ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/28
     10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 93201 ᠴᠡᠷᠢᠭ ᠠᠩᠭᠢ ᠶᠢᠨ ᠡᠮᠴᠢᠯᠡᠭᠡᠨ ᠤ ᠦᠢᠯᠡᠴᠢᠯᠡᠭᠡᠨ ᠤ ᠠᠩᠭᠢ ᠬᠠᠮᠲᠤ ᠪᠠᠷ ᠪᠠᠶᠢᠭᠤᠯᠬᠤ ᠨᠢᠭᠡᠴᠢ ᠪᠣᠯᠬᠤ ᠠᠯᠲᠠᠨᠴᠤᠭ  ᠰᠤᠮᠤᠨ ᠤ ᠬᠥᠬᠡ ᠠᠭᠤᠯᠠ ᠭᠠᠴᠠᠭ᠎ᠠ ᠳᠤ ᠬᠦᠷᠴᠦ᠂ ︽ᠵᠢᠭᠠᠰᠤ ᠤᠰᠤᠨ ᠤ ᠬᠠᠶᠢᠷ᠎ᠠ ᠰᠡᠳᠬᠢᠯᠭᠡ   ᠶᠢ ᠴᠡᠷᠢᠭ ᠠᠷᠠᠳ ᠬᠠᠮᠲᠤ ᠪᠠᠷ  ᠪᠠᠶᠢᠭᠤᠯᠤᠶ᠎ᠠ︾  ᠭᠡᠭᠦ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠥᠨᠳᠥᠷ ᠲᠦᠪᠰᠢᠨ ᠪᠥᠬᠦᠶ ᠡᠮᠴᠢᠯᠡᠭᠡᠨ ᠤ ᠦᠢᠯᠡᠴᠢᠯᠡᠭᠡ ᠶᠢ ᠣᠯᠠᠨ ᠲᠦᠮᠡᠨ ᠤ ᠬᠡᠷ ᠲᠤ ᠬᠦᠷᠭᠡᠪᠡ᠃
     ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ᠂ ᠡᠮᠴᠢᠯᠡᠭᠡᠨ ᠤ ᠠᠩᠭᠢ ᠶᠢᠨ ᠲᠤᠰᠬᠠᠶ ᠮᠡᠷᠭᠡᠵᠢᠯᠲᠡᠨ ᠡᠮᠴᠢᠯᠡᠭᠡᠨ ᠤ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ  ᠭᠦᠢᠴᠡᠳ ᠪᠠᠳᠠᠷᠠᠭᠤᠯᠵᠤ᠂ ᠣᠯᠠᠨ ᠲᠦᠮᠡᠨ ᠨᠢᠭᠡᠪᠦᠷᠢ ᠶᠢ ᠬᠠᠯᠠᠭᠤᠮᠰᠤᠭ ᠢᠶᠠᠷ ᠭᠥᠯᠢᠶᠡᠨ ᠠᠪᠴᠤ᠂ ᠲᠡᠳᠡᠨ ᠤ ᠪᠡᠶ᠎ᠡ ᠶᠢᠨ ᠪᠠᠶᠢᠳᠠᠯ᠂  ᠣᠣᠯ ᠤᠨ ᠡᠪᠡᠳᠴᠢᠨ ᠤ ᠲᠡᠦᠬᠡ᠂ ᠡᠷᠡᠭᠦᠯ ᠮᠡᠨᠳᠦ ᠶᠢᠨ ᠬᠦᠰᠡᠯ ᠱᠠᠭᠠᠷᠳᠠᠯᠭ᠎ᠠ ᠶᠢ ᠨᠠᠷᠢᠨ ᠠᠰᠠᠭᠤᠵᠤ᠂ ᠳᠤᠷᠠᠳᠤᠭᠰᠠᠨ ᠡᠯ᠎ᠡ  ᠵᠦᠢᠯ ᠤᠨ ᠮᠠᠳᠠᠭ ᠲᠠᠢ ᠠᠰᠠᠭᠤᠯᠲᠠ ᠶᠢ  ᠨᠠᠷᠢᠯᠢᠭ ᠬᠠᠷᠢᠭᠤᠯᠬᠤ ᠶᠢᠨ ᠬᠠᠮᠲᠤ ᠲᠡᠳᠡᠨ ᠳᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ᠂ ᠰᠤᠳᠠᠯ ᠪᠠᠷᠢᠵᠤ ᠡᠪᠡᠳᠴᠢᠨ ᠦᠵᠡᠬᠦ ᠵᠡᠷᠭᠡ ᠲᠥᠷᠥᠯ  ᠵᠦᠢᠯ ᠤᠨ ᠪᠠᠶᠢᠴᠠᠭᠠᠯᠲᠠ ᠬᠢᠵᠦ᠂ ᠠᠳᠠᠯᠢ ᠪᠤᠰᠤ ᠡᠪᠡᠳᠴᠢᠨ ᠡᠮᠭᠡᠭ᠂ ᠬᠤᠪᠢ ᠪᠡᠶ᠎ᠡ ᠶᠢᠨ ᠵᠥᠷᠢᠶ᠎ᠡ ᠳᠤ ᠴᠢᠭᠯᠡᠭᠦᠯᠦᠨ ᠵᠦᠶ ᠵᠣᠬᠢᠰᠲᠠᠶ ᠣᠨᠣᠰᠢᠯᠠᠨ ᠡᠮᠨᠡᠬᠦ ᠰᠠᠨᠠᠭᠤᠯᠭ᠎ᠠ ᠪᠠ ᠡᠮᠨᠡᠨ ᠵᠠᠰᠠᠬᠤ ᠲᠥᠰᠦᠯ ᠳᠤᠷᠠᠳᠴᠤ᠂ ᠡᠪᠡᠳᠴᠢᠨ ᠡᠮᠭᠡᠭ ᠲᠤ ᠴᠢᠭᠯᠡᠭᠦᠯᠦᠨ ᠡᠮ  ᠦᠭᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠮᠠᠯᠴᠢᠨ ᠲᠠᠷᠢᠶᠠᠴᠢᠨ ᠲᠦᠮᠡᠨ ᠳᠤ ᠦᠷᠭᠦᠯᠵᠢ ᠬᠡᠷᠡᠭᠯᠡᠳᠡᠭ ᠡᠮ ᠬᠦᠷᠭᠡᠵᠦ᠂ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠪᠣᠯᠤᠨ ᠡᠮ ᠬᠡᠷᠡᠭᠯᠡᠬᠦ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠲᠡᠳᠡᠨ ᠢ ᠲᠣᠭᠲᠠᠭᠰᠠᠨ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠳᠠᠯ ᠢᠶᠠᠨ ᠪᠠᠶᠢᠴᠠᠭᠠᠵᠤ᠂ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠬᠤ ᠬᠡᠷᠡᠭᠲᠡᠶ ᠭᠡᠵᠦ ᠵᠠᠬᠢᠪᠠ᠃ ᠡᠮᠴᠢᠯᠡᠭᠡᠨ ᠤ ᠠᠩᠭᠢ ᠶᠢᠨ ᠲᠤᠰᠬᠠᠶ ᠮᠡᠷᠭᠡᠵᠢᠯᠲᠡᠨ ᠨᠠᠷᠢᠨ ᠨᠢᠮᠪᠠᠶ  ᠦᠢᠯᠡᠴᠢᠯᠡᠭᠡᠳ ᠮᠠᠯᠴᠢᠨ ᠲᠠᠷᠢᠶᠠᠴᠢᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠶ᠃
3.jpg
       ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ 50 ᠭᠠᠷᠤᠶ ᠮᠠᠯᠴᠢᠨ ᠲᠠᠷᠢᠶᠠᠴᠢᠨ ᠳᠤ  ᠦᠢᠯᠡᠴᠢᠯᠡᠵᠤ᠂ ᠮᠠᠯᠴᠢᠨ ᠲᠠᠷᠢᠶᠠᠴᠢᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠭᠰᠠᠨ ᠢᠶᠠᠷ ᠪᠠᠷᠠᠬᠤ ᠥᠬᠡᠶ ᠴᠡᠷᠢᠭ ᠠᠩᠭᠢ ᠶᠢᠨ ᠠᠷᠠᠳ ᠲᠦᠮᠡᠨ ᠳᠤ  ᠦᠢᠯᠡᠴᠢᠯᠡᠭᠦ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠵᠦ᠂ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢ ᠨᠡᠮᠡᠭᠳᠡᠭᠦᠯᠪᠡ᠃
4.jpg
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠯᠲᠠᠨᠴᠤᠭ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号