2022 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠬᠠᠷᠠᠯᠲᠠ ᠲᠠᠢ ᠪᠠᠷ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠤᠨ ᠰᠢᠨ᠎ᠡ ᠶᠢ ᠡᠭᠦᠳᠴᠤ ᠦᠢᠯᠡᠰ ᠪᠤᠰᠬᠠᠬᠤ ᠶᠢ | ᠳᠡᠮᠵᠢᠵᠦ᠂ 4 ᠶᠡᠭᠡ ᠳᠡᠭᠡᠳᠦ ᠰᠤᠷᠭᠠᠭᠤᠯᠢ ᠶᠢᠨ 50 ᠭᠠᠷᠤᠢ ᠰᠢᠨ᠎ᠡ ᠶᠢ ᠡᠭᠦᠳᠴᠤ ᠦᠢᠯᠡᠰ ᠪᠤᠰᠬᠠᠬᠤ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠬᠢᠬᠦ ᠰᠡᠳᠦᠪ ᠪᠠᠶᠢᠭᠤᠯᠬᠤ ᠶᠢ ᠳᠡᠮᠵᠢᠵᠦ᠂ ᠴᠢᠨᠠᠷ ᠰᠠᠶᠢᠲᠠᠢ ᠰᠢᠨ᠎ᠡ ᠶᠢ ᠡᠭᠦᠳᠴᠤ | ᠦᠢᠯᠡᠰ ᠪᠤᠰᠬᠠᠬᠤ ᠬᠢᠴᠢᠶᠡᠯ 12 ᠢ ᠨᠡᠭᠡᠭᠡᠵᠦ᠂ ᠬᠢᠴᠢᠶᠡᠯ ᠰᠣᠩᠭᠤᠭᠰᠠᠨ ᠬᠥᠮᠥᠨ ᠤ ᠲᠤᠭ᠎ᠠ 2 ᠲᠦᠮᠡ ᠭᠠᠷᠤᠢ | ᠬᠥᠮᠥᠨ ᠤᠳᠠᠭ᠎ᠠ ᠶᠢ ᠳᠠᠪᠠᠵᠤ᠂ ᠴᠢᠨᠠᠷ ᠰᠠᠶᠢᠲᠠᠢ ᠰᠢᠨ᠎ᠡ ᠶᠢ ᠡᠭᠦᠳᠴᠤ ᠦᠢᠯᠡᠰ ᠪᠤᠰᠬᠠᠬᠤ ᠬᠤᠶᠠᠷ ᠵᠢᠭᠠᠬᠤ | ᠮᠠᠲ᠋ᠧᠷᠢᠶᠠᠯ ᠢ ᠪᠡᠶᠡᠯᠡᠭᠦᠯᠵᠦ᠂ 600 ᠭᠠᠷᠤᠢ ᠬᠥᠮᠥᠨ ᠤᠳᠠᠭ᠎ᠠ ᠶᠢᠨ ᠰᠢᠨ᠎ᠡ ᠶᠢ ᠡᠭᠦᠳᠴᠤ ᠦᠢᠯᠡᠰ ᠪᠤᠰᠬᠠᠬᠤ | ᠪᠠᠭᠰᠢ ᠶᠢᠨ ᠪᠣᠯᠪᠠᠰᠤᠷᠠᠯ ᠳᠤ ᠤᠷᠤᠯᠴᠠᠬᠤ ᠶᠢ ᠳᠡᠮᠵᠢᠪᠡ᠃ 2024 ᠣᠨ ᠳᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ ᠲᠥᠪ ᠤᠨ ᠲᠤᠰᠬᠠᠢ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ︵ | ᠰᠤᠷᠭᠠᠨ ᠬᠥᠮᠦᠵᠢᠯ ᠤᠨ ᠲᠥᠷᠥᠯ ᠵᠦᠢᠯ ᠤᠨ ᠪᠡᠯᠡ ᠮᠥᠩᠭᠦ︶ 162 ᠲᠦᠮᠡᠨ ᠲᠥᠭᠦᠷᠢᠭ ᠪᠠᠭᠤᠯᠭᠠᠵᠤ | ᠣᠶᠤᠲᠠᠳ ᠤᠨ ᠰᠢᠨ᠎ᠡ ᠶᠢ ᠡᠭᠦᠳᠴᠤ ᠦᠢᠯᠡᠰ ᠪᠤᠰᠬᠠᠬᠤ ᠶᠢ ᠳᠡᠮᠵᠢᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ | ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠤᠨ ᠲᠠᠰ ᠤᠨ ᠰᠢᠨ᠎ᠡ ᠶᠢ ᠡᠭᠦᠳᠴᠤ ᠦᠢᠯᠡᠰ | ᠪᠤᠰᠬᠠᠬᠤ ᠳᠡᠭᠡᠳᠦ ᠰᠤᠷᠭᠠᠭᠤᠯᠢ ᠪᠠᠶᠢᠭᠤᠯᠬᠤ ᠶᠢ ᠳᠡᠮᠵᠢᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠡᠯᠧᠺᠳ᠋ᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠤᠯᠤᠰ ᠤᠨ ᠲᠠᠰ ᠤᠨ ᠰᠢᠨ᠎ᠡ ᠶᠢ ᠡᠭᠦᠳᠴᠤ ᠦᠢᠯᠡᠰ ᠪᠤᠰᠬᠠᠬᠤ ᠰᠤᠷᠭᠠᠨ | ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠪᠠᠶᠢᠭᠤᠯᠬᠤ ᠶᠢ ᠳᠡᠮᠵᠢᠪᠡ᠃ ᠲᠠᠷᠠᠭᠠᠴᠢ ᠶᠢᠨ ᠠᠯᠬᠤᠮ ᠳᠤ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠣᠶᠤᠲᠠᠳ ᠤᠨ ᠰᠢᠨ᠎ᠡ ᠶᠢ | ᠡᠭᠦᠳᠴᠤ ᠦᠢᠯᠡᠰ ᠪᠤᠰᠬᠠᠬᠤ ᠰᠤᠷᠭᠠᠨ ᠬᠥᠮᠦᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠣᠶᠤᠲᠠᠳ ᠤᠨ ᠠᠵᠢᠯ ᠰᠣᠩᠭᠤᠬᠤ ᠬᠠᠷᠠᠭ᠎ᠠ ᠶᠢ ᠥᠷᠭᠡᠳᠬᠡᠨ᠂ ᠣᠶᠤᠲᠠᠳ ᠤᠨ ᠠᠵᠢᠯ ᠣᠯᠬᠤ ᠪᠠ | ᠦᠢᠯᠡᠰ ᠪᠤᠰᠬᠠᠬᠤ ᠴᠢᠳᠠᠪᠤᠷᠢ ᠪᠠᠨ ᠳᠡᠭᠡᠭᠰᠢᠯᠡᠬᠦᠯᠬᠦ ᠳᠤ ᠬᠠᠪᠰᠤᠷᠤᠯᠭ᠎ᠠ ᠬᠠᠨᠭ᠍ᠭᠠᠨ᠎ᠠ᠃ |