ᠣᠳᠣᠬᠠᠨ ᠳᠤ᠂ ᠲᠠᠷᠢᠮᠠᠯ ᠤᠨ ᠵᠦᠢᠯ ᠵᠠᠯᠭᠠᠭ᠎ᠠ ᠪᠠᠷ ᠪᠣᠯᠪᠠᠰᠤᠷᠠᠵᠤ ᠬᠤᠷᠢᠶᠠᠬᠤ ᠬᠤᠭᠤᠴᠠᠭᠠᠨ ᠳᠠᠭᠠᠨ | ᠣᠷᠣᠵᠤ᠂ ᠤᠷᠭᠤᠴᠠ ᠨᠢ ᠶᠡᠷᠦᠩᠬᠡᠢ ᠳᠡᠭᠡᠨ ᠬᠡᠪ ᠤᠨ ᠪᠠᠶᠢᠳᠠᠯ ᠲᠠᠢ ᠪᠠᠶᠢᠨ᠎ᠠ᠃ ᠭᠡᠪᠡᠴᠦ ᠦᠷᠭᠦᠯᠵᠢᠯᠡᠭᠰᠡᠨ | ᠪᠦᠷᠬᠦᠭ ᠪᠣᠷᠣᠭᠠᠨ ᠲᠠᠢ ᠴᠠᠭ ᠠᠭᠤᠷ ᠲᠤ ᠲᠣᠬᠢᠶᠠᠯᠳᠤᠵᠤ᠂ ᠨᠡᠷᠡᠨ ᠤ ᠲᠤᠰᠤᠯᠲᠠ ᠳᠤᠲᠠᠮᠠᠭ᠂ ᠠᠭᠠᠷ ᠤᠨ | ᠴᠢᠭᠢᠭᠲᠦᠴᠡ ᠶᠡᠭᠡ ᠵᠡᠷᠭᠡ ᠴᠠᠭ ᠠᠭᠤᠷ ᠤᠨ ᠨᠥᠬᠦᠴᠡᠯ ᠠᠴᠠ ᠪᠣᠯᠵᠤ ᠲᠠᠷᠢᠮᠠᠯ ᠤᠨ ᠭᠡᠷᠡᠯ ᠤᠨ ᠨᠡᠶᠢᠯᠡᠯᠭᠡ ᠶᠢᠨ | ᠦᠢᠯᠡᠳᠦᠯ ᠪᠠᠭᠤᠷᠠᠵᠤ᠂ ᠰᠢᠮ᠎ᠡ ᠲᠡᠵᠢᠭᠡᠯ ᠤᠨ ᠬᠤᠷᠠᠮᠳᠤᠯᠭ᠎ᠠ ᠶᠢᠨ ᠠᠰᠢᠭᠯᠠᠮᠵᠢ ᠳᠣᠷᠣᠭᠰᠢᠯᠠᠵᠤ᠂ ᠵᠢᠩᠬᠢᠨᠢ | ᠮᠦᠬᠦ ᠶᠢᠨ ᠴᠢᠨᠠᠷᠲᠠᠢ ᠡᠪᠡᠳᠴᠢᠨ ᠤ ᠬᠥᠨᠥᠭᠡᠯ᠂ ᠪᠠᠺᠲ᠋ᠧᠷᠢ ᠶᠢᠨ ᠴᠢᠨᠠᠷᠲᠠᠢ ᠡᠪᠡᠳᠴᠢᠨ ᠤ ᠬᠥᠨᠥᠭᠡᠯ ᠤᠨ | ᠡᠪᠡᠳᠴᠢᠯᠡᠬᠦ ᠨᠥᠬᠦᠴᠡᠯ ᠲᠣᠬᠢᠷᠠᠵᠤ᠂ ᠡᠷᠳᠡᠨᠢ ᠰᠢᠰᠢ᠂ ᠨᠠᠷᠢᠮᠤ᠂ ᠨᠣᠬᠠᠢ ᠶᠢᠨ ᠬᠤᠰᠢᠭᠤ ᠵᠡᠷᠭᠡ ᠦᠶᠡᠲᠦ | ᠤᠷᠭᠤᠮᠠᠯ ᠤᠨ ᠢᠵᠠᠭᠤᠷ ᠤᠨ ᠲᠠᠷᠢᠮᠠᠯ ᠢ ᠠᠮᠠᠷᠬᠠᠨ ᠬᠤᠭᠤᠯᠵᠤ᠂ ᠦᠷ᠎ᠡ ᠨᠢ ᠸᠠᠯᠠᠵᠤ ᠬᠤᠪᠢᠷᠠᠳᠠᠭ︔ | ᠲᠥᠮᠥᠰᠥᠨ ᠤ ᠬᠠᠭᠤᠷᠠᠢ ᠪᠣᠳᠠᠰ ᠤᠨ ᠬᠤᠷᠠᠮᠳᠤᠯ ᠨᠢ ᠤᠳᠠᠭᠠᠨ᠂ ᠡᠷᠲᠡ ᠳᠣᠷᠦ᠋ᠢᠲᠠᠵᠤ᠂ ᠲᠥᠮᠥᠰᠥ ᠢᠯᠵᠠᠷᠠᠳᠠᠭ︔ | ᠨᠡᠷᠡᠨ ᠬᠤᠸᠠᠷ ᠤᠨ ᠪᠠᠺᠲ᠋ᠧᠷᠢ ᠶᠢᠨ ᠴᠥᠮ᠎ᠡ ᠶᠢᠨ ᠡᠪᠡᠳᠴᠢᠨ᠂ ᠵᠢᠪᠡᠷᠡᠬᠦ ᠡᠪᠡᠳᠴᠢᠨ ᠬᠦᠨᠳᠦᠷᠡᠳᠡᠭ︔ ᠨᠠᠮᠤᠷ ᠤᠨ | ᠴᠠᠭᠠᠨ ᠨᠣᠭᠤᠭ᠎ᠠ ᠶᠢᠨ ᠢᠯᠵᠢᠷᠡᠬᠦ ᠡᠪᠡᠳᠴᠢᠨ᠂ ᠯᠤᠤᠪᠠᠩ ᠤᠨ ᠦᠨᠳᠦᠰᠦ ᠶᠢᠨ ᠢᠯᠵᠢᠷᠡᠬᠦ ᠡᠪᠡᠳᠴᠢᠨ᠂ | ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠴᠠᠭᠠᠨ ᠬᠥᠭᠡᠴᠦ ᠶᠢᠨ ᠡᠪᠡᠳᠴᠢᠨ᠂ ᠦᠨᠡᠰᠦᠨ ᠬᠥᠭᠡᠴᠦ ᠶᠢᠨ | ᠡᠪᠡᠳᠴᠢᠨ ᠵᠡᠷᠭᠡ ᠡᠪᠡᠳᠴᠢᠨ ᠤ ᠬᠤᠣᠷ ᠬᠥᠨᠥᠭᠡᠯ ᠬᠠᠯᠳᠠᠪᠤᠷᠢᠯᠠᠬᠤ ᠪᠠ ᠦᠷᠡᠵᠢᠳᠡᠭ᠃ ᠳᠡᠭᠡᠷᠡᠬᠢ ᠪᠠᠶᠢᠳᠠᠯ ᠳᠤ | ᠴᠢᠭᠯᠡᠭᠦᠯᠦᠨ᠂ ᠡᠯ᠎ᠡ ᠭᠠᠵᠠᠷ ᠤᠨ ᠬᠢᠨ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ | ᠰᠡᠷᠭᠡᠶᠢᠯᠡᠨ ᠵᠠᠰᠠᠬᠤ︾ ᠤᠷᠭᠤᠮᠠᠯ ᠤᠨ ᠬᠠᠮᠠᠭᠠᠯᠠᠯᠲᠠ ᠶᠢᠨ ᠴᠢᠭᠯᠡᠯᠲᠡ ᠶᠢᠨ ᠶᠣᠰᠣᠭᠠᠷ᠂ ᠦᠢᠯᠡᠳᠪᠦᠷᠢᠯᠡᠯ ᠤᠨ | ᠰᠡᠷᠭᠡᠶᠢᠯᠡᠯᠲᠡ ᠶᠢ ᠢᠳᠡᠪᠬᠢᠲᠡᠢ ᠥᠷᠨᠢᠭᠦᠯᠵᠦ᠂ ᠪᠦᠷᠬᠦᠭ ᠪᠣᠷᠣᠭᠠᠨ ᠤ ᠳᠠᠷᠠᠭᠠᠬᠢ ᠲᠠᠷᠢᠮᠠᠯ ᠤᠨ ᠡᠪᠡᠳᠴᠢᠨ | ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ | ᠃ ᠪᠣᠳᠠᠲᠠᠢ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠄ ᠨᠢᠭᠡ ᠳᠤ ᠪᠦᠷᠬᠦᠭ ᠪᠣᠷᠣᠭᠠᠨ ᠴᠥᠭᠡᠨ ᠬᠤᠭᠤᠴᠠᠭᠠᠨ ᠳᠤ | ᠴᠢᠳᠠᠬᠤ ᠶᠢᠨ ᠳᠣᠲᠣᠷ᠎ᠠ ᠲᠠᠷᠢᠮᠠᠯ ᠤᠨ ᠰᠠᠯᠠᠭ᠎ᠠ ᠨᠠᠮᠠᠭ᠎ᠠ ᠶᠢ ᠨᠢ ᠬᠠᠶᠢᠴᠢᠯᠠᠨ ᠵᠠᠰᠠᠬᠤ ᠪᠤᠶᠤ ᠪᠤᠰᠤᠳ ᠭᠡᠮᠲᠦᠭᠡᠵᠦ | ᠮᠡᠳᠡᠬᠦ ᠲᠠᠷᠢᠶᠠᠯᠠᠩ ᠤᠨ ᠠᠵᠢᠯ ᠢ ᠬᠢᠬᠦ ᠠᠴᠠ ᠵᠠᠶᠢᠯᠠᠰᠬᠢᠬᠦ ᠬᠡᠷᠡᠭᠲᠡᠢ᠃ ᠲᠡᠭᠷᠢ ᠴᠡᠯᠮᠡᠭᠰᠢᠭᠰᠡᠨ ᠤ ᠳᠠᠷᠠᠭ᠎ᠠ᠂ ᠲᠠᠷᠢᠶᠠᠨ | ᠭᠠᠵᠠᠷ ᠢ ᠴᠠᠭ ᠲᠤᠬᠠᠢ ᠳᠤᠨᠢ ᠴᠡᠪᠡᠷᠯᠡᠵᠦ᠂ ᠢᠯᠵᠢᠷᠡᠭᠰᠡᠨ ᠨᠠᠪᠴᠢ᠂ ᠰᠢᠷ᠎ᠠ ᠨᠠᠪᠴᠢ ᠶᠢ ᠴᠡᠪᠡᠷᠯᠡᠨ ᠠᠷᠢᠯᠭᠠᠵᠤ᠂ | ᠡᠪᠡᠳᠴᠢᠨ ᠬᠤᠷᠣᠬᠠᠢ ᠶᠢᠨ ᠢᠷᠡᠯᠲᠡ ᠶᠢᠨ ᠰᠠᠭᠤᠷᠢ ᠲᠤᠭ᠎ᠠ ᠶᠢ ᠪᠠᠭᠠᠰᠬᠠᠬᠤ ᠶᠢᠨ ᠬᠠᠮᠲᠤ ᠭᠤᠣᠯ ᠪᠣᠯᠬᠤ | ᠡᠪᠡᠳᠴᠢᠨ ᠤ ᠰᠠᠭᠤᠷᠢ ᠶᠢ ᠣᠯᠵᠤ ᠮᠡᠳᠡᠪᠡᠯ ᠳᠠᠷᠤᠢ ᠲᠦᠷᠭᠡᠨ ᠡᠮ ᠢᠶᠠᠷ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ | ᠠᠪᠬᠤ ᠬᠡᠷᠡᠭᠲᠡᠢ᠃ ᠬᠤᠶᠠᠷ ᠲᠤ ᠴᠠᠭ ᠲᠤᠬᠠᠢ ᠳᠤᠨᠢ ᠪᠣᠷᠳᠣᠭᠤᠷ ᠣᠷᠣᠭᠤᠯᠵᠤ᠂ ᠤᠷᠭᠤᠮᠠᠯ ᠤᠨ ᠡᠪᠡᠳᠴᠢᠨ ᠢ | ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠲᠡᠢ᠃ ᠪᠦᠷᠬᠦᠭ ᠪᠣᠷᠣᠭᠠᠨ ᠥᠩᠭᠡᠷᠡᠭᠰᠡᠨ ᠤ ᠳᠠᠷᠠᠭ᠎ᠠ | ᠬᠥᠷᠥᠰᠥᠨ ᠤ ᠬᠦᠴᠦ ᠰᠢᠮ᠎ᠡ ᠠᠯᠳᠠᠭᠳᠠᠪᠠᠯ᠂ ᠪᠣᠷᠳᠣᠭᠤᠷ ᠤᠰᠤᠨ ᠤ ᠬᠠᠮᠢᠶᠠᠷᠤᠯᠲᠠ ᠶᠢ ᠴᠢᠩᠭᠠᠳᠬᠠᠵᠤ᠂ | ᠨᠠᠪᠴᠢᠨ ᠤ ᠭᠠᠳᠠᠷᠭᠤ ᠶᠢᠨ ᠪᠣᠷᠳᠣᠭᠤᠷ ᠢ ᠵᠣᠬᠢᠰᠲᠠᠢ ᠰᠦᠷᠴᠢᠨ ᠣᠷᠣᠭᠤᠯᠵᠤ᠂ ᠹᠣᠰᠹᠣᠷ ᠺᠠᠯᠢ ᠶᠢᠨ ᠪᠣᠷᠳᠣᠭᠤᠷ | ᠵᠢᠴᠢ ᠪᠢᠴᠢᠯ ᠡᠯᠧᠮᠧᠨ᠋ᠲ ᠢ ᠨᠡᠮᠡᠨ ᠣᠷᠣᠭᠤᠯᠵᠤ᠂ ᠤᠷᠭᠤᠮᠠᠯ ᠤᠨ ᠡᠰᠡᠷᠭᠦᠴᠡᠬᠦ ᠴᠢᠨᠠᠷ ᠢ ᠨᠡᠮᠡᠭᠳᠡᠭᠦᠯᠦᠨ᠂ | ᠡᠪᠡᠳᠴᠢᠨ ᠡᠭᠦᠰᠬᠡᠭᠴᠢ ᠪᠠᠺᠲ᠋ᠧᠷᠢ ᠶᠢᠨ ᠬᠠᠯᠳᠠᠪᠤᠷᠢᠯᠠᠬᠤ ᠲᠣᠬᠢᠶᠠᠯ ᠢ ᠪᠠᠭᠠᠰᠬᠠᠬᠤ ᠬᠡᠷᠡᠭᠲᠡᠢ᠃ ᠭᠤᠷᠪᠠ ᠳᠤ | ᠬᠦᠯᠡᠮᠵᠢ ᠶᠢᠨ ᠭᠡᠷᠡᠯ ᠤᠨ ᠲᠤᠰᠤᠯᠲᠠ ᠶᠢ ᠵᠣᠬᠢᠰᠲᠠᠢ ᠨᠡᠮᠡᠭᠳᠡᠭᠦᠯᠵᠦ᠂ ᠤᠷᠭᠤᠮᠠᠯ ᠤᠨ ᠥᠰᠦᠯᠲᠡ ᠶᠢᠨ ᠳ᠋ᠧᠩ ᠢᠶᠠᠷ | ᠭᠡᠷᠡᠯ ᠢ ᠨᠥᠬᠦᠪᠦᠷᠢᠯᠡᠵᠦ᠂ ᠭᠡᠷᠡᠯ ᠤᠨ ᠨᠡᠶᠢᠯᠡᠯᠭᠡ ᠶᠢᠨ ᠦᠢᠯᠡᠳᠦᠯ ᠢ ᠨᠡᠮᠡᠭᠳᠡᠭᠦᠯᠵᠦ᠂ ᠢᠳᠡᠰᠢᠨ ᠨᠣᠭᠤᠭ᠎ᠠ ᠶᠢᠨ | ᠬᠦᠯᠡᠮᠵᠢ ᠶᠢᠨ ᠤᠷᠭᠤᠮᠠᠯ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠲᠡᠢ᠃ ᠳᠥᠷᠪᠡ ᠳᠤ | ᠴᠠᠭ ᠲᠤᠬᠠᠢ ᠳᠤᠨᠢ ᠪᠠᠶᠢᠴᠠᠭᠠᠨ ᠦᠵᠡᠵᠦ᠂ ᠡᠪᠡᠳᠴᠢᠨ ᠳᠤᠨᠢ ᠲᠠᠭᠠᠷᠠᠭᠤᠯᠵᠤ ᠡᠮ ᠬᠡᠷᠡᠭᠯᠡᠬᠦ ᠬᠡᠷᠡᠭᠲᠡᠢ᠃ | ᠰᠡᠷᠭᠡᠶᠢᠯᠡᠨ ᠵᠠᠰᠠᠬᠤ ᠭᠦᠢᠴᠡᠳᠬᠡᠯ ᠲᠤᠭ᠎ᠠ ᠳᠤ ᠬᠦᠷᠦᠭᠰᠡᠨ ᠲᠠᠷᠢᠶᠠᠨ ᠭᠠᠵᠠᠷ ᠲᠤ ᠪᠣᠷᠣᠭᠠᠨ ᠤ ᠳᠠᠷᠠᠭᠠᠬᠢ | ᠲᠤᠩᠭᠠᠯᠠᠭ ᠰᠠᠶᠢᠬᠠᠨ ᠴᠠᠭ ᠠᠭᠤᠷ ᠢ ᠠᠮᠵᠢᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠵᠠᠰᠠᠬᠤ ᠠᠵᠢᠯ ᠢ ᠴᠠᠭ | ᠲᠤᠬᠠᠢ ᠳᠤᠨᠢ ᠥᠷᠨᠢᠭᠦᠯᠬᠦ ᠬᠡᠷᠡᠭᠲᠡᠢ᠃ ᠲᠣᠮᠣ ᠲᠣᠯᠪᠣᠲᠤ ᠡᠪᠡᠳᠴᠢᠨ᠂ ᠵᠢᠵᠢᠭ ᠲᠣᠯᠪᠣᠲᠤ ᠡᠪᠡᠳᠴᠢᠨ᠂ ᠴᠠᠭᠠᠨ | ᠬᠥᠭᠡᠴᠦ ᠶᠢᠨ ᠡᠪᠡᠳᠴᠢᠨ᠂ ᠬᠢᠵᠢᠭ ᠡᠪᠡᠳᠴᠢᠨ᠂ ᠪᠣᠭᠤᠮ᠎ᠠ ᠡᠪᠡᠳᠴᠢᠨ ᠵᠡᠷᠭᠡ ᠵᠢᠩᠭᠢᠨᠢ ᠮᠥᠭᠦᠨᠴᠢᠷ ᠴᠢᠨᠠᠷᠲᠠᠢ | ᠡᠪᠡᠳᠴᠢᠨ ᠤ ᠬᠥᠨᠥᠭᠡᠯ ᠳᠤ ᠴᠢᠭᠯᠡᠭᠦᠯᠦᠨ᠂ ᠫᠢᠷᠠᠽᠤᠯ ᠡᠲ᠋ᠧᠷ ᠤᠨ ᠪᠠᠺᠲ᠋ᠧᠷᠢ ᠶᠢᠨ ᠡᠰᠲ᠋ᠧᠷ᠂ ᠤᠯᠠᠭᠠᠨ ᠴᠠᠭᠠᠷᠢᠭ | ᠫᠢᠷᠢᠮᠢᠳᠢᠨ ᠪᠠᠺᠲ᠋ᠧᠷᠢ ᠶᠢᠨ ᠡᠰᠲ᠋ᠧᠷ᠂ ᠫᠧᠨ᠋ᠲ᠋ᠠᠽᠤᠯ ᠠᠯᠺᠣᠣᠯ᠂ ᠹᠧᠨᠢᠯ ᠡᠲ᠋ᠧᠷ ᠤᠨ ᠮᠧᠲ᠋ᠢᠯ ᠴᠠᠭᠠᠷᠢᠭ ᠠᠽᠤᠯ ᠵᠡᠷᠭᠡ | ᠡᠮ ᠢ ᠰᠣᠩᠭᠤᠨ ᠬᠡᠷᠡᠭᠯᠡᠵᠦ ᠰᠡᠷᠭᠡᠶᠢᠯᠡᠨ ᠵᠠᠰᠠᠵᠤ ᠪᠣᠯᠣᠨ᠎ᠠ︔ ᠵᠦᠭᠡᠯᠡᠨ ᠢᠯᠵᠢᠷᠡᠬᠦ ᠡᠪᠡᠳᠴᠢᠨ᠂ ᠪᠠᠺᠲ᠋ᠧᠷᠢ ᠶᠢᠨ | ᠴᠢᠨᠠᠷᠲᠠᠢ ᠡᠪᠡᠷᠯᠢᠭ ᠲᠣᠯᠪᠣᠲᠤ ᠡᠪᠡᠳᠴᠢᠨ ᠵᠡᠷᠭᠡ ᠪᠠᠺᠲ᠋ᠧᠷᠢ ᠶᠢᠨ ᠴᠢᠨᠠᠷᠲᠠᠢ ᠡᠪᠡᠳᠴᠢᠨ ᠤ ᠬᠥᠨᠥᠭᠡᠯ ᠳᠤ | ᠴᠢᠭᠯᠡᠭᠦᠯᠦᠨ᠂ ᠫᠢᠷᠢᠮᠢᠳᠢᠨ ᠪᠥᠭᠡᠮ ᠤᠨ ᠭᠯᠢᠺᠣᠰᠢᠳ᠋ ᠤᠨ ᠲᠥᠷᠥᠯ ᠤᠨ ᠪᠠᠺᠲ᠋ᠧᠷᠢ ᠡᠰᠡᠷᠭᠦᠴᠡᠬᠦ ᠡᠳ᠋᠂ ᠵᠢᠩ ᠭᠠᠩ | ᠮᠧᠶ ᠰᠦ᠂ ᠵᠡᠰ ᠨᠠᠶᠢᠷᠠᠯᠠᠭ᠎ᠠ ᠵᠡᠷᠭᠡ ᠡᠮ ᠢ ᠰᠣᠩᠭᠤᠵᠤ ᠰᠡᠷᠭᠡᠶᠢᠯᠡᠨ ᠵᠠᠰᠠᠵᠤ ᠪᠣᠯᠣᠨ᠎ᠠ︔ ᠨᠡᠭᠦᠳᠡᠯ ᠤᠨ ᠴᠢᠨᠠᠷᠲᠠᠢ | ᠬᠤᠣᠷᠲᠤ ᠬᠤᠷᠣᠬᠠᠢ ᠳᠤ ᠴᠢᠭᠯᠡᠭᠦᠯᠦᠨ᠂ ᠾᠯᠣᠷᠲᠤ ᠬᠤᠷᠣᠬᠠᠢ ᠶᠢᠨ ᠪᠧᠨ᠋ᠽᠢᠯ ᠠᠮᠢᠳ᠋᠂ ᠮᠧᠲ᠋ᠢᠯ ᠸᠢᠲ᠋ᠠᠮᠢᠨ ᠳᠠᠪᠤᠰᠤ | ᠵᠡᠷᠭᠡ ᠡᠮ ᠢ ᠰᠣᠩᠭᠤᠨ ᠬᠡᠷᠡᠭᠯᠡᠵᠦ ᠰᠡᠷᠭᠡᠶᠢᠯᠡᠨ ᠵᠠᠰᠠᠵᠤ ᠪᠣᠯᠣᠨ᠎ᠠ᠃ ᠡᠮ ᠬᠡᠷᠡᠭᠯᠡᠬᠦ ᠳᠡᠭᠡᠨ ᠡᠭᠡᠯᠵᠢᠯᠡᠨ ᠡᠮ | ᠬᠡᠷᠡᠭᠯᠡᠬᠦ ᠪᠠ ᠡᠮ ᠬᠡᠷᠡᠭᠯᠡᠬᠦ ᠶᠢᠨ ᠠᠶᠤᠯ ᠦᠭᠡᠢ ᠶᠢᠨ ᠵᠠᠪᠰᠠᠷᠯᠠᠬᠤ ᠬᠤᠭᠤᠴᠠᠭ᠎ᠠ ᠶᠢ ᠠᠩᠬᠠᠷᠬᠤ ᠬᠡᠷᠡᠭᠲᠡᠢ᠃ |