ᠠᠯᠠᠱᠠ ᠪᠠᠷᠠᠭᠤᠨ ᠬᠤᠰᠢᠭᠤ᠄ ᠠᠷᠠᠳ ᠤᠨ ᠬᠦᠴᠢᠷᠳᠡᠯ ᠢ ᠰᠢᠢᠳᠪᠦᠷᠢᠯᠡᠵᠦ  ᠵᠤᠯ ᠵᠢᠷᠭᠠᠯ ᠢ ᠬᠠᠮᠳᠤᠪᠠᠷ ᠡᠳ᠋ᠯᠡᠨ ᠬᠦᠭᠵᠢᠯᠳᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/30
     ᠠᠯᠠᠱᠠ ᠪᠠᠷᠠᠭᠤᠨ ᠬᠤᠰᠢᠭᠤ ᠬᠦᠮᠤᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯᠳᠡ ᠶᠢ ᠪᠠᠷᠢᠮᠳᠠᠯᠠᠠ᠂ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠵᠦ᠂ ᠴᠡᠴᠡᠷᠯᠢᠭ ᠤᠨ ᠬᠡᠤᠬᠡᠳ ᠤᠨ ᠰᠤᠷᠭᠠᠨ ᠬᠦᠮᠤᠵᠢᠯ᠂ ᠵᠢᠠᠭᠠᠨ ᠰᠤᠷᠭᠠᠯᠳᠠ᠂ ᠬᠦᠳᠡᠯᠮᠤᠷᠢ ᠬᠦᠴᠦᠨ᠂ ᠡᠮ ᠡᠮᠨᠡᠯᠭᠡ᠂ ᠨᠠᠰᠤᠳᠠᠶᠢᠴᠤᠳ ᠤᠨ ᠠᠰᠠᠷᠠᠮᠵᠢ᠂ ᠰᠠᠭᠤᠬᠤ ᠤᠷᠤᠨ ᠰᠠᠭᠤᠴᠠ᠂  ᠠᠰᠠᠷᠠᠵᠤ ᠬᠠᠷᠠᠭᠠᠯᠵᠠᠬᠤ  ᠲᠡᠭᠡᠷ᠎ᠡ ᠦᠷᠭᠦᠯᠵᠢᠯᠡᠨ ᠬᠦᠴᠤᠯᠡᠵᠦ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠪᠤᠳᠤᠯᠬᠢᠯᠠᠨ᠂ ᠠᠷᠠᠳ ᠤᠨ ᠠᠮᠢᠳᠤᠷᠠᠯ ᠤᠨ ᠬᠦᠴᠢᠷᠳᠡᠯ ᠢ ᠰᠡᠢᠳᠪᠤᠷᠢᠯᠡᠵᠦ᠂ ᠤᠯᠠᠨ ᠲᠦᠮᠡᠨ ᠳᠤ ᠵᠤᠯ ᠵᠢᠷᠭᠠᠯ  ᠨᠡᠮᠡᠭᠳᠡᠭᠦᠯᠦᠨ᠂ ᠤᠯᠠᠨ ᠲᠦᠮᠡᠨ ᠳᠤ ᠡᠷᠬᠡ ᠲᠡᠭᠰᠢ ᠡᠷᠬᠡ ᠵᠢᠷᠭᠠᠯ ᠢ ᠡᠳ᠋ᠯᠡᠭᠦᠯᠦᠨ᠎ᠡ᠃     ᠪᠠᠳᠠᠢ ᠶᠢᠨ ᠵᠢᠷᠠᠨ ᠪᠠᠯᠭᠠᠰᠤᠨ ᠤ ᠲᠥᠩ ᠽᠧ ᠶᠤᠸᠠᠨ ᠬᠤᠷᠢᠶᠠᠯᠠᠯ ᠳᠤ᠂ ᠰᠢᠨ᠎ᠡ ᠪᠠᠷ  ᠨᠡᠮᠡᠵᠦ  ᠤᠭᠰᠠᠷᠠᠭᠰᠠᠨ ᠴᠠᠬᠢᠯᠭᠠᠨ ᠱᠠᠳᠤ ᠬᠡᠷᠡᠭᠯᠡᠭᠡᠨ ᠳᠤ ᠤᠷᠤᠵᠦ᠂  ᠦᠨᠳᠤᠷ ᠲᠠᠪᠬᠤᠷᠭ᠎ᠠ ᠳᠤ ᠰᠠᠭᠤᠭ᠎ᠠ ᠡᠷᠦᠬᠡ ᠂ ᠤᠨᠴᠠᠭᠠᠶᠢᠯᠠᠨ ᠬᠦᠯ ᠭᠠᠷ  ᠲᠦᠭᠦᠮ ᠦᠭᠡᠢ ᠨᠠᠰᠤᠳᠠᠶᠢᠴᠤᠳ ᠤᠨ  ᠭᠡᠷ ᠠᠴᠠ ᠪᠠᠨ ᠭᠠᠷᠴᠤ ᠣᠷᠣᠬᠤ ᠬᠦᠴᠢᠷᠳᠡᠯ  ᠢ ᠰᠡᠶᠢᠳᠪᠤᠷᠢᠯᠡᠭᠰᠡᠨ ᠪᠠᠶᠢᠨ᠎ᠠ᠃    ᠲᠥᠩ ᠽᠧ ᠶᠤᠸᠠᠨ ᠬᠤᠷᠢᠶᠠᠯᠠᠯ ᠤᠨ ᠰᠠᠭᠤᠭᠠᠯᠢ ᠡᠷᠦᠬᠡ  ᠸᠧᠢ ᠵᠢᠶᠦ᠋ᠨ ᠭᠤᠸᠠᠩ᠄ ᠴᠠᠬᠢᠯᠭᠠᠨ ᠱᠠᠳᠤ ᠲᠠᠢ ᠪᠤᠯᠤᠭᠰᠠᠨ ᠨᠢ ᠮᠠᠨ ᠤ ᠰᠠᠭᠤᠭᠠᠯᠢ ᠠᠷᠠᠳ ᠲᠤ ᠶᠡᠭᠡ ᠲᠦᠭᠦᠮ ᠪᠤᠯᠤᠭᠰᠠᠨ ᠤᠨᠴᠠᠭᠠᠶᠢᠯᠠᠨ ᠬᠦᠨᠳᠤ ᠶᠠᠭᠤᠮ᠎ᠠ  ᠵᠦᠭᠡᠭᠡᠵᠦ ᠪᠠᠭᠤᠯᠭᠠᠬᠤ ᠳᠤ ᠠᠮᠠᠷᠬᠠᠨ ᠪᠤᠯᠤᠭᠰᠠᠨ ᠨᠠᠰᠤᠲᠠᠶᠢᠴᠤᠤᠯ ᠳᠤ  ᠶᠡᠭᠡ ᠲᠦᠭᠦᠮ  ᠪᠠᠶᠢᠨ᠎ᠠ᠃    ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠭᠤᠷᠢᠨ ᠡᠮᠴᠢᠯᠡᠬᠦ  ᠠᠩᠭᠢ ᠶᠢᠨ ᠦᠬᠠᠢ ᠬᠤᠳᠠ ᠶᠢᠨ ᠠᠷᠠᠳ ᠤᠨ ᠡᠮᠨᠡᠯᠭᠡ  ᠶᠢᠨ ᠬᠤᠷᠢᠶᠠᠨ ᠤ  ᠡᠮᠴᠢ ᠨᠠᠷ ᠡᠮᠨᠡᠯᠭᠡ ᠳᠤ ᠰᠠᠭᠤᠭ᠎ᠠ ᠡᠪᠡᠳᠴᠢᠳᠠᠨ ᠳᠤ ᠤᠨᠤᠰᠢᠯᠠᠯᠳᠠ ᠬᠢᠵᠦ᠂ ᠡᠪᠡᠳᠴᠢᠳᠡᠨ ᠪᠤᠯᠤᠨ ᠭᠡᠷ ᠪᠦᠯᠢ ᠶᠢᠨ ᠬᠢᠨ ᠳᠤ ᠡᠮᠴᠢᠯᠡᠬᠦ  ᠰᠠᠨᠠᠭᠤᠯᠤᠮᠵᠢ  ᠥᠭᠴᠡᠢ᠃ ᠲᠤᠰᠬᠠᠢ ᠮᠡᠷᠭᠡᠵᠢᠯᠳᠡᠳ ᠪᠠᠰᠠ ᠡᠯ᠎ᠡ ᠡᠮᠴᠢᠯᠡᠭᠡᠨ ᠤ ᠰᠠᠯᠠᠭ᠎ᠠ ᠪᠤᠯᠤᠨ ᠲᠤᠰ ᠭᠠᠵᠠᠷ ᠤᠨ ᠡᠮᠴᠢ ᠨᠠᠷ ᠲᠤ  ᠡᠮᠴᠢᠯᠡᠭᠡᠨ ᠤ ᠤᠨᠤᠰᠢᠯᠠᠬᠤ ᠵᠢᠯᠤᠭᠤᠳᠤᠯᠭ᠎ᠠ ᠬᠢᠵᠦ᠂ ᠬᠠᠪᠰᠤᠷᠤᠨ ᠲᠡᠳᠬᠦᠵᠦ ᠲᠠᠭᠠᠭᠤᠯᠤᠨ ᠵᠢᠭᠠᠬᠤ ᠠᠵᠢᠯ ᠦᠷᠨᠢᠭᠦᠯᠦᠭᠰᠡᠨ ᠪᠠᠶᠢᠨ᠎ᠠ᠃    ᠡᠪᠡᠳᠴᠢᠳᠡᠨ ᠤ ᠭᠡᠷ ᠪᠦᠯᠢ ᠶᠢᠨ ᠬᠢᠨ ᠼᠣᠣ ᠭᠦᠢ ᠴᠢᠨ᠄ ᠮᠢᠨᠤ ᠡᠵᠢ ᠲᠦᠷᠭᠡᠨ ᠴᠢᠨᠠᠷᠳᠠᠢ  ᠲᠢᠲᠢᠮ ᠰᠤᠳᠠᠯ ᠤᠨ ᠪᠥᠭᠯᠡᠷᠡᠯ ᠤᠨ ᠭᠡᠮ ᠠᠷᠬᠠᠭ ᠢᠶᠠᠷ ᠡᠮᠨᠡᠯᠭᠡ ᠳᠤ ᠰᠠᠭᠤᠵᠤ ᠡᠮᠴᠢᠯᠡᠭᠦᠯᠵᠦ ᠪᠠᠶᠢᠨ᠎ᠠ ᠲᠤᠰᠬᠠᠢ ᠮᠡᠷᠭᠡᠵᠢᠯᠳᠡᠨ ᠠᠴᠠ ᠪᠢᠳᠡᠨ ᠳᠤ ᠰᠢᠨᠵᠢᠯᠡᠬᠦ ᠤᠬᠠᠭᠠᠨᠴᠢ ᠲᠤᠰᠬᠠᠢ ᠮᠡᠷᠭᠡᠵᠢᠯ ᠤᠨ ᠡᠮᠴᠢᠯᠡᠭᠡᠨ ᠤ ᠰᠠᠨᠠᠯ ᠦᠭᠭᠦᠭᠰᠡᠨ  ᠤᠳᠤ  ᠡᠮᠴᠢᠯᠡᠭᠡᠨ ᠤ  ᠦᠷ᠎ᠡ ᠳ᠋ᠦᠩ ᠭᠠᠶᠢᠭᠤᠢ ᠰᠠᠶᠢᠨ ᠪᠠᠶᠢᠨ᠎ᠠ᠃    ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠠᠴᠤᠷᠠᠭ ᠰᠠᠯᠠᠭ᠎ᠠ ᠶᠢᠨ ᠡᠮᠴᠢ  ᠶᠠᠩ ᠵᠢᠢ ᠮᠢᠩ᠄ ᠲᠤᠰᠬᠠᠢ ᠮᠡᠷᠭᠡᠵᠢᠯᠳᠡᠨ ᠠᠴᠠ ᠪᠢᠳᠡᠨ ᠳᠤ ᠮᠡᠳᠡᠭᠦᠯᠦᠯᠳᠡ ᠶᠢᠨ ᠲᠦᠷᠢᠮᠵᠢᠯ᠂ ᠤᠨᠤᠰᠢᠯᠠᠬᠤ ᠰᠡᠳᠬᠢᠴᠡ᠂ ᠡᠮᠴᠢᠯᠡᠭᠡᠨ ᠤ ᠰᠡᠳᠬᠢᠬᠦᠢ ᠶᠢᠨ ᠲᠠᠯ᠎ᠠ ᠪᠠᠷ ᠮᠠᠰᠢ ᠰᠠᠶᠢᠬᠠᠨ ᠵᠢᠯᠤᠭᠤᠳᠤᠯᠭ᠎ᠠ ᠬᠢᠭᠰᠡᠨ ᠶᠡᠭᠡ ᠣᠯᠣᠯᠲᠠ  ᠲᠠᠢ ᠪᠠᠶᠢᠨ᠎ᠠ᠃    ᠠᠯᠠᠱᠠ ᠪᠠᠷᠠᠭᠤᠨ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠯᠠᠪᠳᠠᠭᠤᠨ ᠲᠦᠯᠬᠢᠨ ᠠᠬᠢᠭᠤᠯᠵᠦ᠂ ᠶᠢᠨ ᠴᠠᠩ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠨ ᠠᠵᠢᠯᠯᠠᠬᠤ ᠬᠡᠯᠡᠯᠴᠡᠭᠡᠷ ᠲᠤᠭᠳᠠᠵᠦ᠂ ᠭᠤᠤᠯᠳᠠᠯᠭᠠᠳᠤ ᠲᠤᠰᠬᠠᠢ ᠰᠠᠯᠠᠭᠠᠨ ᠤ ᠮᠤᠩᠭᠤᠯ ᠡᠮᠨᠡᠯᠭᠡ ᠶᠢᠨ ᠲᠤᠳᠤᠷ ᠰᠠᠯᠠᠭᠠᠨ ᠤ ᠡᠮᠴᠢᠯᠡᠭᠡ ᠶᠢ ᠰᠢᠨ᠎ᠡ ᠪᠠᠷ ᠨᠡᠮᠡᠵᠦ᠂ ᠤᠶᠢᠷ᠎ᠠ ᠵᠡᠷᠭᠡᠯᠳᠡᠭᠡ ᠤᠷᠤᠨ ᠤ ᠳᠣᠲᠣᠨ᠎ᠠ ᠭᠠᠳᠠᠨ᠎ᠠ ᠶᠢᠨ ᠡᠮᠨᠡᠯᠭᠡ ᠶᠢᠨ ᠬᠤᠷᠢᠶ᠎ᠠ ᠲᠠᠢ ᠤᠷᠤᠨ ᠨᠤᠳᠤᠭ ᠠᠯᠤᠰᠯᠠᠨ ᠬᠤᠯᠪᠤᠭᠠᠯᠠᠨ ᠡᠮᠴᠢᠯᠡᠬᠦ ᠵᠢᠴᠢ ᠲᠤᠰᠬᠠᠢ ᠰᠠᠯᠠᠭᠠᠨ ᠤ ᠬᠤᠯᠪᠤᠭᠠᠯᠠᠯ ᠪᠠ ᠬᠠᠪᠰᠤᠷᠤᠨ ᠲᠡᠮᠵᠢᠵᠦ ᠬᠠᠮᠵᠢᠯᠴᠠᠨ ᠠᠵᠢᠯᠯᠠᠬᠤ ᠬᠠᠷᠢᠴᠠᠭ᠎ᠠ ᠪᠠᠶᠢᠭᠤᠯᠵᠦ᠂ ᠡᠮ ᠡᠮᠨᠡᠯᠭᠡ ᠶᠢᠨ ᠮᠡᠷᠭᠡᠵᠢᠯ ᠤᠨ ᠬᠢᠷᠢ ᠲᠦᠪᠰᠢᠨ᠂ ᠦᠢᠯᠡᠴᠢᠯᠡᠭᠡᠨ ᠤ ᠴᠢᠳᠠᠪᠬᠢ ᠶᠢ ᠪᠦᠳᠤᠮᠵᠢᠳᠡᠢ ᠲᠡᠭᠡᠭᠰᠢᠯᠡᠭᠦᠯᠦᠭᠰᠡᠨ᠃ ᠲᠤᠤᠷ᠎ᠠ ᠤᠷᠤᠯᠭᠠᠳᠤ ᠬᠦᠮᠤᠰ ᠂ ᠤᠨᠴᠠ ᠬᠦᠴᠢᠷᠳᠡᠯ ᠲᠠᠢ ᠬᠦᠮᠤᠰ ᠵᠡᠷᠭᠡ ᠬᠦᠴᠢᠷᠳᠡᠯ ᠲᠠᠢ ᠤᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠵᠦ᠂ ᠠᠷᠠᠳ ᠤᠨ ᠠᠮᠢᠳᠤᠷᠠᠯ ᠤᠨ ᠦᠨᠳᠤᠰᠤᠨ ᠬᠤᠷᠢᠭ᠎ᠠ ᠱᠤᠭᠤᠮ ᠢ ᠪᠠᠳᠤ ᠰᠠᠬᠢᠬᠤ ᠠᠵᠢᠯ ᠢ ᠦᠷᠨᠢᠭᠦᠯᠵᠡᠢ᠃ ᠨᠡᠶᠢᠭᠡᠮ ᠤᠨ ᠲᠠᠭᠠᠳᠬᠠᠯ ᠤᠨ ᠪᠦᠷᠬᠦᠴᠡ ᠶᠢ ᠦᠷᠭᠡᠳᠬᠡᠨ᠂ ᠤᠯᠠᠨ ᠲᠠᠪᠬᠤᠷᠭᠠᠳᠤ ᠨᠡᠶᠢᠭᠡᠮ ᠤᠨ ᠪᠠᠳᠤᠯᠠᠭᠠᠨ ᠤ ᠰᠢᠰᠲ᠋ᠧᠮ᠂  ᠨᠠᠰᠤᠵᠢᠯ ᠤᠨ ᠠᠰᠠᠷᠠᠮᠵᠢ ᠶᠢᠨ ᠡᠮᠴᠢᠯᠡᠭᠡᠨ ᠤ ᠲᠠᠭᠠᠳᠬᠠᠯ ᠤᠨ ᠦᠢᠯᠡᠴᠢᠯᠡᠭᠡᠨ ᠤ ᠰᠢᠰᠲ᠋ᠧᠮ ᠤᠨ ᠪᠦᠳᠤᠭᠡᠨ ᠪᠠᠶᠢᠭᠤᠯᠤᠯᠳᠠ ᠢ ᠪᠠᠶᠢᠭᠤᠯᠵᠦ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃   ᠦᠨᠦ ᠵᠢᠯ  ᠠᠴᠠ ᠨᠠᠰᠢ ᠠᠯᠠᠱᠠ ᠪᠠᠷᠠᠭᠤᠨ ᠬᠤᠰᠢᠭᠤ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ ᠶᠢᠨ ᠤᠷᠤᠭᠤᠯᠤᠯᠳᠠ ᠪᠠ ᠪᠠᠳᠤᠯᠠᠭᠠᠨ ᠤ ᠬᠦᠴᠦᠯᠡᠴᠡ ᠶᠢ ᠲᠠᠰᠤᠷᠠᠯᠳᠠ ᠦᠭᠡᠢ ᠶᠡᠬᠡᠳᠬᠡᠵᠦ᠂ ᠬᠦᠭᠵᠢᠯᠳᠡ ᠶᠢᠨ ᠦᠷ᠎ᠡ ᠪᠦᠳᠤᠮᠵᠢ ᠶᠢ ᠨᠡᠮᠡᠭᠳᠡᠭᠦᠯᠦᠨ᠂ ᠡᠯ᠎ᠡ ᠦᠨᠳᠤᠰᠤᠳᠡᠨ ᠤ ᠤᠯᠠᠨ ᠲᠦᠮᠡᠨ ᠳᠤ ᠲᠦᠭᠡᠮᠡᠯ ᠠᠰᠢᠭ ᠬᠦᠷᠳᠡᠭᠡᠪᠡ᠃ 8 ᠰᠠᠷ᠎ᠠ ᠶᠢᠨ ᠰᠡᠭᠦᠯᠴᠢ ᠪᠤᠯᠬᠤ ᠳᠤ᠂ ᠠᠷᠠᠳ ᠤᠨ ᠠᠮᠢᠳᠤᠷᠠᠯ ᠤᠨ ᠪᠠᠳᠤᠯᠠᠭᠠᠨ ᠳᠤ ᠬᠡᠷᠡᠭᠯᠡᠭᠰᠡᠨ ᠵᠠᠷᠤᠯᠭ᠎ᠠ 65263 ᠲᠦᠮᠡᠨ ᠲᠦᠭᠦᠷᠢᠭ ᠲᠤ ᠬᠦᠷᠴᠤ᠂ ᠨᠡᠶᠢᠳᠡ ᠶᠢᠨ ᠲᠦᠰᠦᠪ ᠤᠨ ᠵᠠᠷᠤᠯᠭ᠎ᠠ ᠶᠢᠨ 77.18% ᠶᠢ ᠡᠵᠡᠯᠡᠪᠡ᠃ ᠠᠯᠠᠱᠠ ᠶᠢᠨ ᠤᠳᠤᠬᠢᠴᠢᠯᠠᠭᠰᠠᠨ ᠲᠡᠮᠡᠭᠡᠨ ᠠᠵᠦ ᠦᠢᠯᠡᠰ ᠤᠨ ᠬᠦᠷᠢᠶᠡᠯᠡᠩ ᠪᠠᠶᠢᠭᠤᠯᠬᠤ  ᠲᠥᠰᠥᠯ ᠵᠡᠷᠭᠡ  ᠠᠷᠠᠳ ᠤᠨ ᠠᠮᠢᠳᠤᠷᠠᠯ ᠤᠨ15 ᠪᠤᠳᠠᠳᠤ ᠶᠠᠪᠤᠳᠠᠯ ᠤᠨ ᠲᠥᠰᠥᠯ ᠨᠢᠭᠡᠨᠳᠡ  ᠪᠦᠬᠦᠨ  ᠢᠶᠠᠷ ᠢᠶᠠᠨ ᠪᠠᠷᠢᠯᠭ᠎ᠠ  ᠪᠠᠨ ᠡᠬᠢᠯᠡᠭᠦᠯᠵᠦ᠂ 1.5 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠠᠢ᠃ ᠡᠯ᠎ᠡ  ᠲᠦᠷᠦᠯ  ᠤᠨ ᠪᠦᠯᠬᠦᠮ ᠨᠡᠶᠢᠲᠡ ᠳᠤ 240 ᠭᠠᠷᠤᠢ ᠬᠦᠮᠤᠨ  ᠠᠵᠢᠯ ᠣᠯᠵᠤ᠂ ᠦᠢᠯᠡᠰ ᠪᠤᠰᠬᠠᠬᠤ ᠬᠤᠪᠢ ᠬᠦᠮᠤᠨ ᠤ ᠵᠢᠭᠡᠯᠡᠯᠭᠡ᠂ ᠠᠵᠦ ᠠᠬᠤᠶᠢᠯᠠᠯ ᠤᠨ ᠵᠢᠭᠡᠯᠡᠯᠭᠡ᠂ ᠠᠵᠢᠯ ᠤᠨ ᠪᠠᠶᠢᠷᠢᠨ ᠤ ᠨᠦᠬᠦᠪᠤᠷᠢ ᠨᠡᠶᠢᠳᠡ 600 ᠭᠠᠷᠤᠢ ᠲᠦᠮᠡᠨ ᠲᠦᠭᠦᠷᠢᠭ ᠬᠠᠩᠭᠠᠵᠦ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠨᠤᠷᠮ᠎ᠠ ᠶᠢ 5%  ᠪᠠᠷ ᠬᠢᠵᠠᠭᠠᠷᠯᠠᠪᠠ᠃ ᠰᠤᠷᠭᠠᠨ ᠬᠦᠮᠤᠵᠢᠯ ᠤᠨ ᠬᠦᠷᠢᠶ᠎ᠡ ᠴᠠᠷ᠎ᠠ ᠳᠤ ᠪᠠᠷᠤᠭ 1500 ᠲᠦᠮᠡᠨ ᠲᠦᠭᠦᠷᠢᠭ ᠤᠨ ᠤᠷᠤᠭᠤᠯᠤᠯᠳᠠ ᠬᠢᠵᠦ᠂ ᠡᠯ᠎ᠡ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠤᠵᠢᠯ ᠤᠨ ᠵᠢᠭᠠᠨ ᠰᠤᠷᠭᠠᠬᠤ ᠲᠦᠬᠦᠭᠡᠷᠦᠮᠵᠢ ᠶᠢ ᠲᠡᠰ ᠲᠡᠪᠰᠢᠭᠦᠯᠦᠨ ᠰᠢᠯᠢᠳᠡᠭᠵᠢᠭᠦᠯᠬᠦ᠂ ᠰᠢᠯᠢᠳᠡᠭ ᠪᠠᠭᠰᠢ ᠶᠢ ᠤᠯᠠᠨ ᠠᠷᠭ᠎ᠠ ᠪᠠᠷᠢᠯ ᠢᠶᠠᠷ ᠲᠠᠳᠠᠨ ᠤᠷᠤᠭᠤᠯᠬᠤ᠂ ᠦᠪᠡᠷᠳᠡᠭᠡᠨ ᠵᠠᠰᠠᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠤᠵᠢᠯ ᠢ ᠲᠡᠩᠴᠡᠭᠦᠷᠢᠳᠡᠢ ᠬᠦᠭᠵᠢᠭᠦᠯᠬᠦ ᠬᠤᠰᠢᠭᠤᠨ ᠤ ᠦᠪᠡᠷᠳᠡᠭᠡᠨ ᠵᠠᠰᠠᠬᠤ ᠤᠷᠤᠨ ᠤ ᠲᠡᠰ ᠤᠨ ᠬᠢᠨᠠᠨ ᠰᠢᠯᠭᠠᠬᠤ ᠦᠨᠡᠯᠡᠯᠳᠡ ᠶᠢ ᠠᠮᠵᠢᠯᠳᠠ ᠲᠠᠢ ᠦᠩᠭᠡᠷᠡᠭᠡᠭᠰᠡᠨ᠃  ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠤᠵᠢᠯ ᠢ ᠪᠠᠬᠢᠵᠢᠭᠦᠯᠦᠭᠰᠡᠨ ᠨᠤᠷᠮ᠎ᠠ ᠶᠢ 100% ᠪᠠᠷ ᠦᠷᠭᠦᠯᠵᠢᠯᠡᠨ  ᠪᠠᠳᠤᠯᠠᠭᠰᠠᠨ᠃ 4623 ᠲᠦᠮᠡᠨ ᠲᠦᠭᠦᠷᠢᠭ ᠤᠨ ᠪᠡᠯᠡ ᠤᠷᠤᠭᠤᠯᠵᠦ  ᠬᠦᠳᠡᠭᠡ ᠲᠤᠰᠬᠤᠨ ᠢ ᠬᠦᠭᠵᠢᠭᠦᠯᠬᠦ 25 ᠲᠦᠷᠦᠯ ᠤᠨ ᠨᠦᠬᠦᠪᠤᠷᠢ ᠶᠢᠨ ᠪᠡᠯᠡ ᠮᠦᠩᠭᠦᠨ ᠤ  ᠲᠥᠰᠥᠯ ᠢ ᠬᠡᠷᠡᠭᠵᠢᠭᠦᠯᠵᠦ᠂ ᠪᠦᠬᠦ ᠵᠢᠯ ᠳᠤ ᠶᠠᠳᠠᠭᠤ ᠠᠴᠠ ᠠᠩᠭᠢᠵᠢᠷᠠᠭᠤᠯᠤᠭᠰᠠᠨ ᠲᠤᠭᠳᠠᠭᠤᠨ ᠪᠤᠰᠤ ᠡᠷᠦᠬᠡ᠂  ᠶᠠᠳᠠᠭᠤᠷᠠᠯ ᠤᠨ ᠨᠠᠭᠠᠳ ᠵᠠᠬ᠎ᠠ ᠶᠢᠨ ᠡᠷᠦᠬᠡ ᠪᠠ ᠬᠡᠨᠡᠳᠳᠡ ᠶᠢᠨ ᠬᠦᠨᠳᠤ ᠰᠦᠷᠡᠬᠡᠢ ᠬᠦᠴᠢᠷᠳᠡᠯ ᠳᠤ ᠤᠴᠠᠷᠠᠭᠰᠠᠨ ᠡᠷᠦᠬᠡ ᠰᠢᠨ᠎ᠡ ᠪᠠᠷ ᠨᠡᠮᠡᠭᠳᠡᠭᠰᠡᠨ ᠦᠭᠡᠢ᠃ ᠰᠤᠶᠤᠯ ᠢᠶᠠᠷ ᠠᠷᠠᠳ ᠲᠤ ᠬᠠᠷᠠᠭᠠᠯᠵᠠᠯ ᠬᠦᠷᠳᠡᠭᠡᠬᠦ ᠢᠨᠵᠧᠨᠧᠷᠢᠩ ᠢ ᠰᠢᠨᠡᠳᠬᠡᠨ  ᠬᠡᠷᠡᠭᠵᠢᠭᠦᠯᠦᠨ᠂ ᠤᠯᠠᠨ ᠲᠦᠮᠡᠨᠴᠢ ᠴᠢᠨᠠᠷᠳᠠᠢ ᠰᠤᠶᠤᠯ ᠤᠨ ᠠᠵᠢᠯᠯᠠᠭ᠎ᠠ ᠶᠢ ᠦᠷᠭᠡᠨ  ᠢᠶᠠᠷ ᠦᠷᠨᠢᠭᠦᠯᠵᠦ᠂ ᠰᠢᠨ᠎ᠡ ᠬᠡᠯᠪᠡᠷᠢ ᠶᠢᠨ ᠰᠤᠶᠤᠯ ᠤᠨ ᠤᠷᠤᠨ ᠵᠠᠢ  ᠨᠢ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠬᠦᠮᠤᠰ ᠤᠨ ᠰᠡᠳᠬᠢᠯ ᠳᠤ ᠬᠦᠷᠭᠡᠨ᠎ᠡ᠃ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ  ᠤᠬᠠᠮᠰᠠᠷ ᠢ ᠪᠤᠢ ᠪᠤᠯᠭᠠᠬᠤ ᠪᠠᠷ ᠭᠤᠣᠯ ᠰᠢᠵᠢᠮ ᠪᠤᠯᠭᠠᠵᠦ᠂ ︽ᠵᠢᠱᠢᠶ᠎ᠡ ᠦᠵᠡᠭᠦᠯᠬᠦ ᠦᠪᠡᠷᠳᠡᠭᠡᠨ ᠵᠠᠰᠠᠬᠤ ᠤᠷᠤᠨ ︾ ᠤ ᠡᠯ᠎ᠡ ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠠᠶᠢᠳᠠᠪᠤᠷᠢᠵᠢᠭᠤᠯᠵᠦ᠂ ᠤᠯᠤᠰ  ᠤᠨ ᠨᠢᠭᠡᠳᠤᠯᠳᠡᠢ ᠦᠰᠦᠭ ᠪᠢᠴᠢᠭ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠤᠨ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠪᠦᠳᠤᠮᠵᠢ ᠶᠢ ᠪᠠᠳᠤᠳᠬᠠᠵᠦ᠂  ᠦᠨᠳᠤᠰᠤᠳᠡᠨ  ᠨᠦᠭᠦᠳ ᠤᠨ ᠤᠯᠠᠨ ᠲᠦᠮᠡᠨ ᠨᠡᠶᠢᠭᠡᠮ ᠤᠨ ᠵᠤᠯ ᠵᠢᠷᠭᠠᠯ ᠢ ᠬᠠᠮᠳᠤᠪᠠᠷ ᠡᠳ᠋ᠯᠡᠨ᠂ ᠰᠠᠶᠢᠨ ᠰᠠᠶᠢᠬᠠᠨ ᠠᠮᠢᠳᠤᠷᠠᠯ ᠤᠨ ᠲᠦᠷᠢ ᠪᠠᠶᠢᠳᠠᠯ ᠢ ᠬᠠᠮᠳᠤᠪᠠᠷ  ᠰᠦᠪᠡᠭᠴᠢᠯᠡᠨ᠎ᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号