10 ᠰᠠᠷ᠎ᠠ ᠶᠢᠨ 25 ᠤ ᠡᠳᠦᠷ᠂ ᠠᠯᠠᠱᠠ ᠪᠠᠷᠠᠭᠤᠨ ᠬᠤᠰᠢᠭᠤ ᠠᠷᠠᠳ ᠤᠨ ᠡᠶᠡᠳᠡᠭᠦᠯᠦᠭᠴᠢ ᠶᠢᠨ ᠲᠤᠰᠬᠠᠢ | ᠰᠡᠳᠦᠪᠲᠦ ᠪᠣᠯᠪᠠᠰᠤᠷᠠᠯ ᠦᠷᠨᠢᠬᠦᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠯᠤᠰ | ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠣᠣ ᠢᠦᠢ ᠹᠸᠢ ᠡᠬᠢᠯᠡᠯᠳᠡ ᠶᠢᠨ ᠶᠤᠰᠤᠯᠠᠯ ᠳᠤ ᠤᠷᠤᠯᠴᠠᠨ | ᠶᠠᠷᠢᠶ᠎ᠠ ᠲᠠᠯᠪᠢᠵᠦ᠂ ᠡᠯ᠎ᠡ ᠰᠤᠮᠤ ᠪᠠᠯᠭᠠᠰᠦ᠂ ᠭᠠᠴᠠᠭ᠎ᠠ ︵ᠨᠡᠶᠢᠬᠡᠮ ᠲᠤᠭᠤᠷᠢᠭ︶ ᠤᠨ ᠡᠶᠡᠳᠡᠭᠦᠯᠦᠭᠴᠢ ᠪᠤᠯᠤᠨ | ᠡᠯ᠎ᠡ ᠠᠵᠢᠯ ᠲᠥᠷᠥᠯ ᠤᠨ ᠲᠤᠰᠬᠠᠢ ᠡᠶᠡᠳᠡᠭᠦᠯᠬᠦ ᠺᠣᠮᠢᠰ ᠤᠨ ᠪᠦᠷᠢᠯᠳᠦᠭᠦᠨᠭᠡᠰᠢᠬᠦᠨ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ︽ᠭᠤᠷᠪᠠ ᠶᠢ ᠵᠣᠯᠭᠠᠭᠤᠯᠬᠤ︾ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃ | ᠪᠤᠯᠪᠠᠰᠤᠷᠠᠯ ᠳᠤ ᠠᠯᠠᠱᠠ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠯᠢᠦ ᠶᠠ ᠯᠢ᠂ ᠭᠠᠨᠰᠤ ᠮᠤᠵᠢ ᠶᠢᠨ ᠵᠢᠨᠴᠠᠩ ᠬᠤᠳᠠ ᠶᠢᠨ ᠵᠢᠨᠴᠤᠸᠠᠨ ᠲᠣᠭᠤᠷᠢᠭ ᠤᠨ | ᠬᠠᠤᠯᠢ ᠴᠠᠭᠠᠵᠠ ᠶᠢᠨ ᠲᠣᠪᠴᠢᠶ᠎ᠠ ᠶᠢᠨ ᠬᠦᠢ ᠯᠢᠨ ᠵᠠᠮ ᠤᠨ ᠬᠠᠤᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ ᠯᠢᠦ | ᠬᠤᠢ ᠶᠢ ᠤᠷᠢᠵᠤ ᠲᠤᠬᠠᠢ ᠶᠢᠨ ᠲᠠᠯᠠᠪᠠᠢ ᠳᠤ ᠬᠢᠴᠢᠶᠡᠯ ᠤᠷᠤᠭᠤᠯᠵᠠᠢ᠃ ᠪᠠᠭᠰᠢ ᠠᠴᠠ ᠰᠢᠰᠲ᠋ᠧᠮᠲᠦ ᠴᠢᠨᠠᠷ ᠪᠠ | ᠬᠡᠷᠡᠭᠯᠡᠭᠡᠨ ᠤ ᠴᠢᠨᠠᠷ ᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠳᠡᠷᠭᠡᠳᠡᠬᠢ ᠨᠡᠶᠢᠲᠡᠯᠢᠭ ᠵᠢᠱᠢᠶ᠎ᠡ ᠪᠠ | ᠦᠢᠯᠡᠳᠦᠯᠭᠡ ᠶᠢᠨ ᠲᠤᠷᠰᠢᠯᠭ᠎ᠠ ᠶᠢ ᠤᠶᠠᠯᠳᠤᠭᠤᠯᠤᠨ᠂ ︽ ᠬᠠᠤᠯᠢ ᠮᠡᠳᠡᠳᠡᠭ ᠬᠥᠮᠥᠨ︾ ᠢ ᠬᠥᠮᠥᠵᠢᠭᠦᠯᠬᠦ | ᠢᠨᠵᠧᠨᠧᠷᠢᠩ᠂ ᠠᠷᠠᠳ ᠤᠨ ᠡᠶᠡᠳᠡᠭᠦᠯᠭᠡ ᠶᠢᠨ ᠠᠵᠢᠯ ᠵᠡᠷᠭᠡ ᠬᠠᠮᠢᠶ᠎ᠠ ᠪᠦᠬᠦᠢ ᠠᠭᠤᠯᠭ᠎ᠠ ᠶᠢᠨ ᠲᠣᠭᠤᠷᠢᠨ ᠳᠤ | ᠨᠠᠷᠢᠨ ᠲᠠᠶᠢᠯᠤᠮᠵᠢ ᠬᠢᠵᠦ᠂ ᠠᠷᠠᠳ ᠤᠨ ᠡᠶᠡᠳᠡᠭᠦᠯᠦᠭᠴᠢ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠳᠤ | ᠣᠷᠣᠯᠴᠠᠬᠤ ᠳᠤᠮᠳᠠ ᠠᠩᠬᠠᠷᠬᠤ ᠴᠢᠬᠤᠯᠠᠲᠠᠢ ᠬᠠᠤᠯᠢ ᠴᠠᠭᠠᠵᠠ ᠶᠢᠨ ᠠᠰᠠᠭᠤᠳᠠᠯ ᠳᠤ ᠲᠤᠰᠬᠠᠢ ᠮᠡᠷᠭᠡᠵᠢᠯ ᠤᠨ | ᠵᠢᠯᠣᠭᠤᠳᠤᠯᠭ᠎ᠠ ᠬᠢᠵᠡᠢ᠃ | ᠬᠤᠷᠠᠯ ᠳᠤ ᠴᠢᠬᠤᠯᠠᠴᠢᠯᠠᠭᠰᠠᠨ ᠨᠢ᠂ ᠬᠤᠶᠢᠰᠢᠳᠡ ᠶᠢᠨ ᠠᠵᠢᠯ ᠲᠤᠮᠳᠡ᠂ ᠡᠯ᠎ᠡ ᠰᠤᠮᠤ ᠪᠠᠯᠭᠠᠰᠤ᠂ ᠭᠠᠴᠠᠭ᠎ᠠ ︵ | ᠨᠡᠶᠢᠭᠡᠮ ᠲᠣᠭᠤᠷᠢᠭ︶ ᠶᠢᠨ ︽ᠬᠠᠤᠯᠢ ᠮᠡᠳᠡᠳᠡᠭ ᠬᠥᠮᠥᠨ ︾ ᠪᠠ ᠡᠶᠡᠳᠡᠭᠦᠯᠬᠦ ᠵᠥᠪᠯᠡᠯ ᠤᠨ ᠪᠦᠷᠢᠯᠳᠦᠭᠦᠨ ᠨᠢ | ᠦᠨᠳᠦᠰᠦᠨ ᠱᠠᠲᠤᠨ ᠤ ᠵᠠᠰᠠᠯᠲᠠ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠣᠯᠤᠭᠰᠠᠨ ᠤ | ᠬᠤᠪᠢ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠠᠨ ᠴᠢᠩᠭᠠᠳᠬᠠᠨ᠂ ᠬᠠᠤᠯᠢ ᠪᠠᠷ ᠵᠠᠰᠠᠬᠤ | ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠥᠷᠢᠴᠡᠯ ᠢ ᠰᠢᠢᠳᠪᠦᠷᠢᠯᠡᠬᠦ᠂ ᠲᠣᠭᠲᠠᠭᠤᠨ ᠢ | ᠬᠠᠮᠠᠭᠠᠯᠠᠬᠤ ᠴᠢᠳᠠᠪᠤᠷᠢ ᠪᠠᠨ ᠦᠨᠡᠨᠬᠦ ᠴᠢᠩᠭᠠᠳᠬᠠᠨ᠂ ᠡᠯ᠎ᠡ ᠲᠥᠷᠥᠯ ᠤᠨ ᠠᠵᠢᠯ ᠢᠶᠠᠨ ᠪᠣᠳᠠᠲᠠᠢ ᠪᠥᠭᠡᠳ ᠨᠠᠷᠢᠯᠢᠭ | ᠰᠠᠶᠢᠲᠤᠷ ᠬᠢᠨ᠎ᠡ᠃ ︽ᠬᠠᠤᠯᠢ ᠮᠡᠳᠡᠳᠡᠭ ᠬᠥᠮᠥᠨ︾ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ︾ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠠᠶᠢᠯᠤᠮᠵᠢ᠂ ᠬᠠᠤᠯᠢ ᠪᠠᠷ ᠵᠠᠰᠠᠬᠤ ᠪᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠡᠷᠭᠡ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ | ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠤᠯᠤᠨ᠎ᠠ᠃ ᠡᠯ᠎ᠡ ᠰᠤᠮᠤ | ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠡᠶᠡᠳᠡᠭᠦᠯᠬᠦ ᠵᠥᠪᠯᠡᠯ ᠨᠢ ᠰᠢᠨ᠎ᠡ ᠴᠠᠭ ᠦᠶ᠎ᠡ ᠶᠢᠨ ︽ᠹᠧᠩ | ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ᠂ ᠮᠠᠯᠴᠢᠨ ᠲᠠᠷᠢᠶᠠᠴᠢᠨ ᠤ ᠵᠥᠷᠢᠴᠡᠯ ᠵᠢᠭᠤᠷᠠᠯᠳᠤᠭᠠᠨ ᠤ ᠡᠭᠦᠰᠦᠭᠰᠡᠨ | ᠰᠢᠯᠲᠠᠭᠠᠨ᠂ ᠣᠨᠴᠠᠯᠢᠭ ᠰᠢᠨᠵᠢ ᠢ ᠭᠦᠨᠵᠡᠭᠡᠢ ᠰᠤᠳᠤᠯᠵᠤ᠂ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠪᠦᠯᠬᠦᠮ ᠳᠤ ᠬᠡᠯᠪᠡᠶᠢᠯᠭᠡᠨ᠎ᠡ᠃ ᠠᠵᠢᠯ ᠲᠥᠷᠥᠯ ᠤᠨ ᠴᠢᠨᠠᠷᠲᠠᠢ᠂ | ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠬᠦ ᠺᠣᠮᠢᠰ ᠨᠢ ᠬᠥᠳᠡᠯᠮᠦᠷᠢ ᠶᠢᠨ ᠮᠠᠷᠭᠤᠯᠳᠤᠭᠠᠨ᠂ ᠠᠮᠤᠷ ᠢ | ᠬᠠᠮᠠᠭᠠᠯᠠᠬᠤ ᠬᠠᠮᠢᠶᠠᠷᠤᠯᠲᠠ ᠵᠡᠷᠭᠡ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠪᠠᠷ ᠪᠠᠶᠢᠴᠠᠭᠠᠨ | ᠰᠢᠢᠳᠪᠦᠷᠢᠯᠡᠵᠦ᠂ ᠬᠥᠯᠥᠰᠦᠨ ᠠᠵᠢᠯᠴᠢᠨ᠂ ᠨᠠᠰᠤᠲᠠᠶᠢᠴᠤᠳ᠂ ᠡᠮᠡᠭᠲᠡᠶᠢᠴᠦᠳ ᠬᠡᠦᠬᠡᠳ ᠵᠡᠷᠭᠡ ᠣᠨᠴᠠᠭᠠᠶ | ᠪᠦᠯᠬᠦᠮ ᠤᠨ ᠵᠢᠭᠤᠷᠠᠯᠳᠤᠭᠠᠨ ᠢ ᠰᠢᠢᠳᠪᠦᠷᠢᠯᠡᠬᠦ ᠪᠠ ᠡᠷᠬᠡ ᠠᠰᠢᠭ ᠢ ᠪᠠᠲᠤᠯᠠᠨ᠎ᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠡᠯ᠎ᠡ ᠱᠠᠲᠤᠨ ᠤ ᠡᠶᠡᠳᠡᠭᠦᠯᠬᠦ ᠺᠣᠮᠢᠰ ᠬᠠᠷᠢᠶ᠎ᠠ ᠣᠷᠣᠨ ᠳᠠᠬᠢ ᠨᠡᠶᠢᠭᠡᠮ ᠤᠨ ᠲᠣᠭᠲᠠᠭᠤᠨ | ᠪᠠᠶᠢᠳᠠᠯ ᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠬᠠᠤᠯᠢ ᠪᠠᠷ | ᠵᠠᠰᠠᠬᠤ ᠤᠬᠠᠭᠤᠯᠭ᠎ᠠ ᠶᠢᠨ ᠠᠵᠢᠯ ᠢ ᠴᠢᠩᠭᠠᠳᠬᠠᠨ᠂ ᠠᠷᠠᠳ ᠤᠨ ᠡᠶᠡᠳᠡᠭᠦᠯᠦᠭᠴᠢ ᠶᠢᠨ ᠠᠵᠢᠯ ᠤᠨ ᠳᠤᠮᠳᠠ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠠᠷᠠᠳ ᠤᠨ ᠡᠶᠡᠳᠡᠭᠦᠯᠭᠡ ᠶᠢᠨ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ ᠳᠡᠮᠵᠢᠨ᠎ᠡ᠃ | ᠪᠣᠯᠪᠠᠰᠤᠷᠠᠯ ᠳᠤ ᠣᠷᠣᠯᠴᠠᠭᠰᠠᠳ ᠪᠠᠰᠠ ᠬᠠᠤᠯᠢ ᠪᠠᠷ ᠵᠠᠰᠠᠬᠤ ᠰᠣᠶᠣᠯ ᠬᠥᠮᠦᠵᠢᠯ ᠤᠨ ᠰᠠᠭᠤᠷᠢᠨ ᠪᠠ ᠭᠠᠵᠢᠭᠤ | ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠦᠵᠡᠵᠡᠢ᠃ | |