ᠠᠯᠠᠱᠠ ᠪᠠᠷᠠᠭᠤᠨ ᠬᠤᠰᠢᠭᠤ᠄ ︽ᠡᠯᠡᠰᠦᠨ ᠴᠥᠯ ᠤᠨ ᠵᠠᠪᠢ︾ ᠵᠣᠯ ᠵᠢᠷᠭᠠᠯᠲᠤ ᠠᠮᠢᠳᠤᠷᠠᠯ ᠢ  ᠠᠴᠢᠶᠠᠯᠠᠨ᠎ᠠ
ᠨᠡᠶᠢᠲᠡᠯᠡᠭᠰᠡᠨ ᠴᠠᠭ᠄
2024/10/31
     ᠠᠯᠠᠱᠠ ᠪᠠᠷᠠᠭᠤᠨ ᠬᠤᠰᠢᠭᠤ ᠪᠣᠯ ︽ᠠᠯᠠᠱᠠ ᠶᠢᠨ ᠬᠤᠣᠰ ᠪᠥᠬᠦᠲᠦ ᠲᠡᠮᠡᠭᠡᠨ ᠤ ᠭᠤᠣᠯ ᠣᠷᠣᠨ︾ ᠪᠠᠶᠢᠵᠤ ᠂ ᠬᠤᠣᠰ ᠪᠥᠬᠦᠲᠦ ᠲᠡᠮᠡᠭᠡᠨ ᠤ ᠲᠤᠭ᠎ᠠ 6.8 ᠲᠦᠮᠡᠨ ᠲᠤᠯᠤᠭᠠᠢ ᠳᠤ ᠬᠦᠷᠴᠦ᠂ ᠪᠥᠬᠦ ᠤᠯᠤᠰ ᠤᠨ ᠲᠡᠮᠡᠭᠡᠨ ᠤ  17%᠂ ᠪᠥᠬᠦ ᠠᠶᠢᠮᠠᠭ ᠤᠨ  46% ᠶᠢ ᠡᠵᠡᠯᠡᠵᠦ  ᠪᠠᠶᠢᠳᠠᠭ᠃  ᠠᠯᠠᠱᠠ ᠪᠠᠷᠠᠭᠤᠨ ᠬᠤᠰᠢᠭᠤ ᠬᠤᠤᠰ ᠪᠥᠬᠦᠲᠦ ᠲᠡᠮᠡᠭᠡᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠲᠡᠮᠡᠭᠡᠨ ᠤ ᠠᠵᠤ ᠦᠢᠯᠡᠰ ᠢ ᠣᠨᠴᠠᠯᠢᠭ ᠢᠶᠠᠷ ᠢᠯᠡ ᠲᠣᠳᠣ᠂  ᠠᠵᠤ ᠦᠢᠯᠡᠰ ᠢᠶᠠᠷ ᠠᠭᠤᠰᠤᠯᠴᠠᠭᠰᠠᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠪᠣᠯᠭᠠᠨ ᠪᠦᠲᠦᠭᠡᠨ ᠪᠠᠶᠢᠭᠤᠯᠵᠤ᠂ ᠲᠡᠮᠡᠭᠡᠨ ᠤ ᠠᠵᠤ ᠦᠢᠯᠡᠰ ᠨᠢ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠲᠤᠯᠭᠠᠭᠤᠷᠢ ᠠᠵᠤ ᠦᠢᠯᠡᠰ ᠪᠣᠯᠤᠭᠰᠠᠨ ᠪᠠᠶᠢᠨ᠎ᠠ᠃
1.png
     ᠠᠯᠠᠱᠠ ᠪᠠᠷᠠᠭᠤᠨ ᠬᠤᠰᠢᠭᠤᠨ ᠤ ᠢᠩᠭᠡᠨ ᠰᠦ ᠬᠤᠷᠢᠶᠠᠨ ᠠᠪᠬᠤ  ᠥᠷᠲᠡᠭᠡᠨ ᠳᠤ᠂  ᠰᠢᠨ᠎ᠡ ᠪᠠᠷ ᠬᠤᠷᠢᠶᠠᠨ ᠠᠪᠴᠢᠷᠠᠭᠰᠠᠨ ᠰᠦ  ᠶᠢ ᠱᠦᠬᠦᠬᠦ᠂ ᠵᠢᠩᠯᠡᠬᠦ᠂  ᠬᠢᠨᠠᠨ ᠬᠡᠮᠵᠢᠬᠦ ᠵᠡᠷᠭᠡ ᠶᠠᠪᠤᠴᠠ ᠶᠢ ᠦᠩᠭᠡᠷᠡᠬᠡᠵᠦ᠂ ᠬᠦᠢᠲᠡᠨ ᠠᠭᠠᠷ ᠲᠤ ᠰᠦ ᠰᠠᠭᠠᠯᠢ ᠶᠢᠨ ᠰᠠᠶᠢᠬᠠᠨ ᠦᠨᠦᠷ ᠬᠠᠩᠬᠤᠯᠤᠨ᠎ᠠ᠃
2.png
        ᠦ᠋ ᠰᠢᠸ ᠮᠧᠢ ᠶᠢᠨ ᠪᠠᠶᠢᠭ᠎ᠠ  ᠪᠠᠶᠠᠨᠪᠦ᠋ᠬᠡᠷᠡᠭ ᠭᠠᠴᠠᠭ᠎ᠠ ᠳᠤ ᠪᠠᠷᠤᠭ ᠠᠶᠢᠯ ᠪᠣᠯᠭᠠᠨ ᠲᠡᠮᠡᠭᠡ ᠲᠡᠵᠢᠭᠡᠵᠦ᠂  ᠢᠩᠭᠡ ᠰᠠᠭᠠᠳᠠᠭ᠃  ᠲᠡᠳᠡᠨ ᠤ ᠬᠢᠨ 2 ᠲᠦᠮᠡᠨ ᠮᠦ ᠪᠡᠯᠴᠢᠭᠡᠷ  ᠲᠡᠭᠡᠨ 200 ᠭᠠᠷᠤᠢ ᠲᠡᠮᠡᠭᠡ ᠮᠠᠯᠵᠢᠳᠠᠭ᠃ ᠠᠯᠠᠱᠠ ᠶᠢᠨ ᠬᠤᠣᠰ ᠪᠥᠬᠦᠲᠦ ᠲᠡᠮᠡᠭᠡ ᠨᠢ ᠮᠠᠯᠴᠢᠳ ᠤᠨ ᠡᠳ᠋ ᠪᠣᠳᠠᠰ ᠵᠦᠬᠡᠬᠡᠪᠤᠷᠢᠯᠡᠵᠦ ᠪᠠᠶᠢᠭᠰᠠᠨ ᠠᠴᠠ ᠪᠠᠨ ᠴᠠᠭ ᠦᠶ᠎ᠡ ᠶᠢᠨ ᠬᠤᠪᠢᠷᠠᠯᠲᠠ ᠶᠢ ᠳᠠᠭᠠᠯᠳᠤᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠳᠣᠣᠷ᠎ᠠ᠂ ᠲᠡᠵᠢᠭᠡᠵᠦ ᠪᠠᠶᠢᠭ᠎ᠠ ᠲᠤᠭ᠎ᠠ ᠬᠡᠮᠵᠢᠶ᠎ᠡ ᠲᠦᠷᠭᠡᠨ ᠪᠠᠭᠠᠰᠬᠤ ᠬᠦᠴᠢᠷᠳᠡᠯ ᠳᠤ ᠲᠤᠯᠭᠠᠷᠠᠭᠰᠠᠨ ᠪᠠᠶᠢᠨ᠎ᠠ᠃ ᠠᠷᠪᠠᠨ ᠵᠢᠯ ᠤᠨ ᠡᠮᠦᠨ᠎ᠡ᠂ ᠠᠯᠠᠱᠠ ᠪᠠᠷᠠᠭᠤᠨ  ᠬᠤᠰᠢᠭᠤ ᠤᠯᠤᠰ ᠤᠨ ᠳᠣᠲᠣᠭᠠᠳᠤ ᠶᠢᠨ ᠨᠠᠷᠠᠲᠤ ᠢᠩᠭᠡᠨ ᠰᠦ ᠶᠢᠨ ᠠᠵᠤ ᠠᠬᠤᠶᠢᠯᠠᠯ ᠢ  ᠲᠠᠲᠠᠨ ᠣᠷᠣᠭᠤᠯᠵᠤ᠂ ᠦᠢᠯᠡᠳᠪᠦᠷᠢ ᠪᠠᠶᠢᠭᠤᠯᠤᠨ ᠢᠩᠭᠡᠨ ᠰᠦ ᠶᠢᠨ ᠠᠵᠤ ᠦᠢᠯᠡᠰ ᠢ ᠬᠥᠭᠵᠢᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠨ ᠮᠠᠯᠴᠢᠳ ᠢ ᠬᠠᠪᠰᠤᠷᠤᠨ ᠬᠠᠰᠢᠶ᠎ᠠ ᠰᠠᠷᠠᠪᠴᠢ  ᠪᠠᠷᠢᠵᠤ᠂ ᠢᠩᠭᠡᠨ ᠰᠦ ᠶᠢᠨ ᠨᠥᠬᠦᠪᠦᠷᠢ ᠮᠥᠩᠭᠦ  ᠥᠭᠴᠦ︔ ᠠᠵᠤ ᠠᠬᠤᠶᠢᠯᠠᠯ ᠤᠳ ᠵᠠᠬ᠎ᠠ ᠳᠡᠯᠭᠡᠭᠦᠷ ᠲᠤ ᠣᠷᠣᠵᠤ᠂ ᠮᠡᠷᠭᠡᠵᠢᠯ ᠤᠯᠠᠮᠵᠢᠯᠠᠨ᠂ ᠪᠠᠷᠢᠮᠵᠢᠶ᠎ᠠ ᠲᠣᠭᠲᠠᠭᠠᠨ᠂ ᠮᠠᠯᠴᠢᠳ ᠤᠨ ᠪᠣᠷᠤᠯᠠᠭᠤᠯᠭ᠎ᠠ ᠶᠢᠨ ᠵᠠᠮ  ᠰᠠᠭᠠᠳ ᠦᠭᠡᠢ ᠪᠠᠶᠢᠬᠤ ᠶᠢ  ᠪᠠᠳᠤᠯᠠᠨ᠂ ᠵᠠᠰᠠᠭ ᠪᠣᠯᠣᠨ ᠠᠵᠤ ᠠᠬᠤᠶᠢᠯᠠᠯ  ᠬᠠᠮᠲᠤᠷᠠᠨ ᠠᠵᠢᠯᠯᠠᠭᠰᠠᠨ ᠠᠴᠠ ᠦᠷ᠎ᠡ ᠠᠰᠢᠭ  ᠨᠢ ᠲᠣᠭᠲᠠᠪᠤᠷᠢᠵᠢᠵᠤ᠂ ᠮᠠᠯᠴᠢᠳ ᠤᠨ ᠣᠷᠣᠯᠭ᠎ᠠ  ᠨᠡᠮᠡᠭᠳᠡᠨ᠂ ᠦ᠋ ᠰᠢᠸ ᠮᠧᠢ ᠶᠢᠨ ᠨᠢᠭᠡ ᠵᠢᠯ ᠤᠨ ᠢᠩᠭᠡᠨ ᠰᠦ ᠬᠤᠳᠠᠯᠳᠤᠭᠰᠠᠨ ᠣᠷᠣᠯᠭ᠎ᠠ ᠨᠢ 30 ᠭᠠᠷᠤᠢ ᠲᠦᠮᠡᠨ ᠲᠥᠭᠦᠷᠢᠭ ᠲᠤ ᠬᠦᠷᠴᠡᠢ᠃
3.png
      ᠪᠠᠳᠠᠢ ᠶᠢᠨ ᠵᠢᠷᠠᠨ ᠪᠠᠯᠭᠠᠰᠤᠨ ᠤ  ᠪᠠᠶᠠᠨᠪᠦ᠋ᠬᠡᠷᠡᠭ ᠭᠠᠴᠠᠭᠠᠨ ᠤ ᠮᠠᠯᠴᠢᠨ ᠦ᠋ ᠰᠢᠦ ᠮᠸᠢ᠄  ᠢᠩᠭᠡ ᠰᠠᠭᠠᠵᠤ ᠣᠷᠣᠯᠭ᠎ᠠ ᠰᠠᠶᠢᠵᠢᠷᠠᠭᠰᠠᠨ ᠠᠴᠠ  ᠰᠠᠭᠤᠬᠤ  ᠠᠰᠠᠷ ᠲᠠᠢ ᠵᠢᠯᠣᠭᠤᠳᠬᠤ  ᠮᠠᠰᠢᠨ ᠲᠠᠢ᠂ ᠪᠠᠰᠠ ᠬᠠᠳᠠᠭᠠᠯᠠᠮᠵᠢ ᠲᠠᠢ  ᠪᠣᠯᠣᠭᠰᠠᠨ᠃     ᠣᠳᠣᠬᠠᠨ ᠳᠤ᠂ ᠠᠯᠠᠱᠠ ᠪᠠᠷᠠᠭᠤᠨ ᠬᠤᠰᠢᠭᠤ ᠨᠢ ︽ᠰᠦ᠂ ᠮᠢᠬ᠎ᠠ᠂ ᠥᠭᠡᠬᠦ᠂  ᠨᠣᠣᠯᠣᠭᠤᠷ︾  ᠢᠶᠠᠷ ᠭᠤᠣᠯ ᠪᠣᠯᠭᠠᠭᠰᠠᠨ  ᠠᠵᠤ ᠦᠢᠯᠡᠰ ᠤᠨ ᠬᠡᠯᠬᠢᠶ᠎ᠡ ᠶᠢ ᠪᠣᠶ ᠪᠤᠯᠭᠠᠵᠠᠢ᠃ ︽ᠠᠯᠠᠱᠠ ᠪᠠᠷᠠᠭᠤᠨ ᠬᠤᠰᠢᠭᠤᠨ ᠤ ᠢᠩᠭᠡᠨ ᠰᠦ︾ ᠨᠢ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ ᠢ ᠠᠮᠵᠢᠯᠲᠠ ᠲᠠᠢ ᠳᠠᠩᠰᠠᠯᠠᠭᠤᠯᠵᠤ᠂ ᠠᠯᠠᠱᠠ ᠶᠢᠨ ᠬᠤᠣᠰ ᠪᠥᠬᠦᠲᠦ ᠲᠡᠮᠡᠭᠡ ᠨᠢ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭ ᠤᠨ  ᠨᠡᠷᠡᠰ ᠤᠨ ᠣᠷᠣᠨ ᠪᠦᠰᠡ ᠶᠢᠨ ᠨᠠᠷᠠᠲᠤ ᠲᠥᠷᠥᠯ  ᠲᠡᠮᠳᠡᠭ  ᠢᠶᠠᠷ ᠰᠣᠩᠭᠤᠭᠳᠠᠨ ᠣᠷᠣᠵᠤ᠂ ︽ᠠᠯᠠᠱᠠ ᠪᠠᠷᠠᠭᠤᠨ ᠬᠤᠰᠢᠭᠤᠨ ᠤ ᠢᠩᠭᠡᠨ ᠰᠦ︾ ᠨᠢ ᠥᠪᠥᠷ ᠮᠣᠩᠭᠤᠯ ᠤᠨ ︽ᠨᠢᠭᠡ ᠰᠢᠶᠠᠨ ᠨᠢᠭᠡ ᠪᠦᠲᠦᠭᠡᠭᠳᠡᠬᠦᠨ ᠲᠠᠢ︾ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭ  ᠢᠶᠠᠷ ᠰᠣᠩᠭᠤᠭᠳᠠᠵᠠᠢ᠃
5.png
     ᠡᠨᠡ ᠵᠢᠯ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠰᠥᠯ  ᠤᠨ ᠪᠠᠷᠢᠯᠭ᠎ᠠ ᠣᠲᠣ ᠶᠠᠭ  ᠠᠯᠬᠤᠮ ᠳᠠᠷᠠᠭ᠎ᠠ ᠲᠠᠢ ᠶᠠᠪᠤᠭᠳᠠᠵᠤ ᠪᠠᠶᠢᠨ᠎ᠠ᠂ ᠢᠷᠡᠭᠡᠳᠦᠢ ᠳᠤ ᠭᠠᠨᠰᠤ᠂ ᠰᠢᠨᠵᠢᠶᠠᠩ᠂ ᠨᠢᠩᠰᠢᠶᠠ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠢ ᠬᠠᠮᠤᠷᠤᠭᠰᠠᠨ ᠢᠩᠭᠡᠨ ᠰᠦ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠂ ᠡᠯᠡᠰᠦᠨ ᠴᠦᠯ ᠤᠨ ᠵᠠᠪᠢ ︽ᠠᠵᠤ ᠦᠢᠯᠡᠰ ᠤᠨ ᠵᠠᠪᠢ︾ ᠪᠣᠯᠵᠤ᠂ ᠠᠷᠠᠳ ᠢᠷᠭᠡᠳ ᠤᠨ ᠵᠣᠯ ᠵᠢᠷᠭᠠᠯᠲᠤ ᠠᠮᠢᠳᠤᠷᠠᠯ ᠢ ᠠᠴᠢᠶᠠᠯᠠᠨ᠎ᠠ᠃
6.jpg
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号