ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠄ ᠡᠨᠡ ᠵᠢᠯ ᠤᠨ 1 - 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 5344.1 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠵᠦ᠂ ᠬᠤᠶᠠᠷ | ᠣᠷᠣᠨᠲᠤ ᠲᠤᠭ᠎ᠠ ᠶᠢᠨ ᠨᠡᠮᠡᠭᠳᠡᠯ ᠤᠨ ᠪᠠᠶᠢᠳᠠᠯ ᠢ ᠦᠷᠭᠦᠯᠵᠢᠯᠡᠨ ᠪᠠᠲᠤᠯᠠᠪᠠ᠃ | ᠴᠠᠬᠢᠯᠭᠠᠨ ᠭᠠᠷᠭᠠᠭᠰᠠᠨ ᠲᠥᠷᠥᠯ ᠵᠦᠢᠯ ᠠᠴᠠ ᠦᠵᠡᠪᠡᠯ᠂ 1 - 8 ᠳ᠋ᠤᠭᠠᠷ ᠰᠠᠷ᠎ᠠ ᠳᠤ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦᠨ ᠢᠶᠠᠷ | ᠴᠠᠬᠢᠯᠭᠠᠨ ᠭᠠᠷᠭᠠᠭᠰᠠᠨ ᠬᠡᠮᠵᠢᠶ᠎ᠡ 4127.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.3% ᠪᠠᠷ ᠨᠡᠮᠡᠭᠳᠡᠪᠡ︔ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ | 98. 5% ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 205.0 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.0% ᠪᠠᠷ ᠨᠡᠮᠡᠭᠳᠡᠪᠡ︔ ᠤᠰᠤᠨ | ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 31.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 28.1% ᠪᠠᠷ ᠨᠡᠮᠡᠭᠳᠡᠪᠡ᠃ | ᠡᠯ᠎ᠡ ᠠᠶᠢᠮᠠᠭ ᠬᠤᠲᠠ ᠶᠢᠨ ᠴᠠᠬᠢᠯᠭᠠᠨ ᠭᠠᠷᠭᠠᠬᠤ ᠬᠡᠮᠵᠢᠶ᠎ᠡ ᠠᠴᠠ ᠦᠵᠡᠪᠡᠯ᠂ 9 ᠠᠶᠢᠮᠠᠭ ᠬᠤᠲᠠ ᠶᠢᠨ | ᠴᠠᠬᠢᠯᠭᠠᠨ ᠭᠠᠷᠭᠠᠬᠤ ᠬᠡᠮᠵᠢᠶ᠎ᠡ ᠨᠡᠮᠡᠭᠳᠡᠵᠦ᠂ 7 ᠠᠶᠢᠮᠠᠭ ᠬᠤᠲᠠ ᠶᠢᠨ ᠴᠠᠬᠢᠯᠭᠠᠨ ᠭᠠᠷᠭᠠᠬᠤ ᠬᠡᠮᠵᠢᠶ᠎ᠡ ᠬᠤᠶᠠᠷ | ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠪᠠ᠃ 1 - 8 ᠰᠠᠷ᠎ᠠ ᠳᠤ᠂ ᠣᠷᠳᠣᠰ ᠬᠤᠲᠠ ᠪᠣᠯᠤᠨ ᠰᠢᠯᠢ ᠶᠢᠨ | ᠭᠤᠤᠯ ᠠᠶᠢᠮᠠᠭ ᠤᠨ ᠴᠠᠬᠢᠯᠭᠠᠨ ᠭᠠᠷᠭᠠᠭᠰᠠᠨ ᠬᠡᠮᠵᠢᠶ᠎ᠡ ᠲᠣᠰ ᠲᠣᠰ 1371.7 ᠳ᠋ᠦᠩᠰᠢᠭᠤᠷ ᠺᠢᠯᠣᠸᠠᠲ ᠴᠠᠭ᠂ | 734.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠣᠷᠣᠨ ᠤ ᠨᠢᠭᠡᠳᠦᠭᠡᠷ᠂ ᠬᠤᠶᠠᠳᠤᠭᠠᠷ ᠲᠤ | ᠪᠠᠶᠢᠷᠢᠯᠠᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ 39.42% ᠢ ᠡᠵᠡᠯᠡᠪᠡ︔ ᠠᠯᠠᠱᠠ ᠠᠶᠢᠮᠠᠭ ᠤᠨ | ᠴᠠᠬᠢᠯᠭᠠᠨ ᠭᠠᠷᠭᠠᠭᠰᠠᠨ ᠬᠡᠮᠵᠢᠶ᠎ᠡ 138.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 61.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠬᠠᠮᠤᠭ ᠤᠨ ᠲᠦᠷᠭᠡᠨ | ᠪᠣᠯᠪᠠ᠃ | |