ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠡᠯ᠎ᠡ ᠣᠯᠠᠨ ᠲᠦᠮᠡᠨ ᠤ ᠪᠦᠯᠬᠦᠮ ᠳᠤ᠄ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠬᠠᠤᠯᠢ ᠪᠠᠷ | ᠲᠣᠭᠲᠠᠭᠠᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢᠨ ᠲᠥᠯᠥᠭᠡ᠂ | ᠪᠠᠶᠢᠭᠤᠯᠤᠮᠵᠢ ᠶᠢᠨ ᠥᠭᠡᠷᠡᠴᠢᠯᠡᠯᠲᠡ ᠵᠢᠴᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ ᠪᠣᠳᠠᠲᠤ ᠪᠠᠶᠢᠳᠠᠯ ᠢ | ᠦᠨᠳᠦᠰᠦᠯᠡᠨ᠂ ︽ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ | ᠴᠣᠭᠴᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ ᠲᠤᠬᠠᠶ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠮᠡᠳᠡᠭᠳᠡᠯ︾ ︵ᠠᠯᠠᠱᠠ ᠪᠠᠷᠠᠭᠤᠨ ᠬᠣᠰᠢᠭᠤᠨ ᠤ ᠠᠯᠪᠠᠨ ᠥᠰᠥᠭ ﹇2020﹈ 1 | ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠠᠭᠤᠯᠭ᠎ᠠ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠤᠯ ᠴᠣᠭᠴᠠ ᠶᠢ ᠬᠠᠤᠯᠢ ᠶᠣᠰᠣᠭᠠᠷ ᠬᠤᠪᠢᠷᠠᠭᠤᠯᠬᠤ ᠪᠠᠷ ᠲᠣᠭᠲᠠᠪᠠ | ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ | ᠬᠤᠪᠢᠷᠠᠭᠤᠯᠬᠤ ᠨᠠᠷᠢᠨ ᠲᠠᠩᠰᠠ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ᠄ | 1. ᠤᠤᠯ ᠤᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ | ᠴᠣᠭᠴᠠ ᠶᠢ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠪᠣᠯᠭᠠᠨ ᠬᠤᠪᠢᠷᠠᠭᠤᠯᠪᠠ᠃ | 2. ᠤᠤᠯ ᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ | ᠴᠣᠭᠴᠠ ᠶᠢ ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠪᠣᠯᠭᠠᠨ ᠬᠤᠪᠢᠷᠠᠭᠤᠯᠪᠠ᠃ | 3. ᠤᠤᠯ ᠤᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠤᠯ ᠴᠣᠭᠴᠠ ᠶᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠪᠣᠯᠭᠠᠨ ᠬᠤᠪᠢᠷᠠᠭᠤᠯᠪᠠ᠃ | 4. ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠬᠤᠰᠢᠭᠤᠨ ᠤ ᠣᠶ ᠰᠢᠭᠤᠶ | ᠨᠤᠲᠤᠭ ᠪᠡᠯᠴᠢᠭᠡᠷ ᠪᠠ ᠡᠯᠡᠰᠦᠷᠬᠡᠭ ᠭᠠᠵᠠᠷ ᠢ ᠰᠡᠷᠭᠡᠶᠢᠯᠡᠨ ᠵᠠᠰᠠᠬᠤ ᠲᠣᠪᠴᠢᠶ᠎ᠠ ᠭᠡᠵᠦ ᠬᠠᠯᠠᠪᠠ᠃ | ᠠᠯᠠᠱᠠ ᠪᠠᠷᠠᠭᠤᠨ ᠬᠤᠰᠢᠭᠤᠨ ᠤ ᠤᠯᠤᠰ ᠲᠥᠷᠥ ᠶᠢᠨ ᠠᠯᠪᠠᠨ ᠥᠰᠥᠭ ︵2024︶ 42 ᠳ᠋ᠤᠭᠠᠷ | ᠲᠣᠭᠠᠲᠤ | | | | | | ᠠᠯᠠᠱᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 11 ᠰᠠᠷ᠎ᠠ ᠶᠢᠨ 12 ᠤᠨ ᠡᠳᠦᠷ |