ᠠᠶᠢᠮᠠᠭ ᠤᠨ ᠣᠷᠣᠨ ᠰᠠᠭᠤᠴᠠ  ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ  ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠶᠠᠩ ᠰᠢᠤᠸᠠᠢ ᠵᠥᠩ ᠨᠡᠷ ᠪᠠᠶᠠᠨᠭᠤᠣᠯ ᠰᠤᠮᠤᠨ ᠳᠤ ᠭᠦᠨᠵᠡᠭᠡᠶᠢᠷᠡᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠣᠷᠣᠨ ᠰᠠᠭᠤᠴᠠ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃
ᠨᠡᠶᠢᠲᠡᠯᠡᠭᠰᠡᠨ ᠴᠠᠭ᠄
2024/11/13
    11 ᠳ᠋ᠦᠭᠡᠷ ᠰᠠᠷ᠎ᠠ ᠶᠢᠨ 8 ᠤ ᠡᠳᠦᠷ᠂ ᠠᠶᠢᠮᠠᠭ ᠤᠨ ᠣᠷᠣᠨ ᠰᠠᠭᠤᠴᠠ  ᠪᠣᠯᠣᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ  ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠶᠠᠩ ᠰᠢᠤᠸᠠᠢ ᠵᠥᠩ ᠪᠠᠶᠠᠨᠭᠤᠣᠯ ᠰᠤᠮᠤᠨ ᠳᠤ ᠬᠦᠷᠴᠦ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠵᠡᠷᠭᠡ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠣᠷᠣᠨ ᠰᠠᠭᠤᠴᠠ  ᠪᠤᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠡᠤ ᠺᠠᠢ ᠬᠤᠢ ᠂ ᠰᠤᠮᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
1.jpg
       ᠶᠠᠩ ᠰᠢᠤᠸᠠᠢ ᠵᠥᠩ ᠨᠡᠷ ᠪᠠᠶᠠᠨᠭᠤᠣᠯ  ᠰᠤᠮᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠶ ᠲᠠᠯᠠᠪᠠᠶ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠭᠤᠯᠠᠶ ᠳᠡᠪᠢᠰᠬᠦ ᠠᠬᠤᠶ ᠲᠠᠯᠠᠪᠠᠶ  ᠪᠤᠯᠤᠨ ᠰᠤᠮᠤᠨ  ᠤ ᠲᠥᠪᠯᠡᠷᠡᠭᠰᠡᠨ ᠣᠷᠣᠨ ᠤ ᠵᠠᠮ ᠳᠠᠭᠠᠤ ᠣᠷᠣᠰᠢᠨ ᠰᠠᠭᠤᠭ᠎ᠠ  ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠵᠢᠷᠤᠭ ᠲᠥᠰᠦᠯ ᠢ ᠪᠠᠶᠢᠴᠠᠭᠠᠨ ᠦᠵᠡᠵᠦ᠂ ᠠᠰᠠᠭᠤᠨ ᠯᠠᠪᠯᠠᠵᠤ᠂ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ  ᠰᠤᠮᠤᠨ ᠤ ᠰᠠᠭᠤᠭᠠᠯᠢ ᠠᠷᠠᠳ ᠤᠨ ᠣᠷᠣᠰᠢᠨ ᠰᠠᠭᠤᠭ᠎ᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠣᠳᠣᠬᠢ ᠪᠠᠶᠢᠳᠠᠯ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠣᠯᠤᠨ ᠬᠤᠶᠢᠰᠢᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠣᠶᠢᠯᠠᠭᠠᠪᠠ᠃ 
2.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠶᠡᠷᠦᠩᠬᠡᠢ ᠱᠦᠵᠢ ᠰᠢ ᠶᠢᠨ ᠫᠢᠩ ᠤᠨ ︽ᠮᠢᠩᠭᠠᠨ ᠲᠣᠰᠬᠤᠨ ᠢᠶᠠᠷ  ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ︾ ᠠᠭᠤᠯᠤᠭᠳᠠᠵᠤ ᠪᠦᠬᠦᠢ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯ ᠤᠨ ᠠᠷᠭ᠎ᠠ ᠪᠣᠯᠤᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ  ᠰᠠᠭᠤᠭᠠᠯᠢ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠠᠶᠠᠨᠭᠤᠣᠯ  ᠰᠤᠮᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠤᠶᠠᠯᠳᠤᠭᠤᠯᠬᠤ ᠪᠠ ᠦᠢᠯᠡᠳᠪᠦᠷᠢᠯᠡᠯ ᠠᠮᠢᠳᠤᠷᠠᠯ ᠤᠨ ᠣᠷᠣᠨ ᠪᠦᠰᠡ ᠳᠤ ᠲᠤᠯᠭᠠᠷᠠᠵᠤ ᠪᠠᠶᠢᠭ᠎ᠠ ᠬᠤᠶᠠᠷ ᠶᠡᠭᠡ ᠣᠨᠴᠠᠯᠢᠭ ᠲᠠᠢ ᠤᠶᠠᠯᠳᠤᠭᠤᠯᠵᠤ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠤᠨ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠵᠤ᠂ ᠬᠥᠳᠡᠭᠡ ᠲᠣᠰᠬᠤᠨ ᠤ ᠣᠷᠭᠠᠨᠢᠭ ᠠᠮᠢᠳᠤᠷᠠᠯ ᠤᠨ ᠬᠤᠭ ᠨᠣᠪᠰᠢ᠂ ᠮᠠᠯ ᠤᠨ ᠢᠯᠭᠠᠳᠠᠰᠤ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠵᠦ ᠠᠰᠢᠭᠯᠠᠬᠤ ᠶᠢ ᠬᠠᠮᠵᠢᠯᠴᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠠᠮᠤᠷ ᠲᠦᠪᠰᠢᠨ᠂ ᠢᠯᠠᠩᠭᠤᠶ᠎ᠠ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠷᠦᠭᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠨ ᠰᠠᠭᠤᠴᠠ ᠶᠢᠨ ᠪᠠᠶᠢᠳᠠᠯ ᠢ ᠴᠠᠭ ᠢᠮᠠᠭᠲᠠ ᠠᠩᠬᠠᠷᠬᠤ ᠬᠡᠷᠡᠭᠲᠡᠶ  ᠭᠡᠪᠡ᠃
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠪᠠᠶᠠᠨᠭᠤᠣᠯ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号