11 ᠰᠠᠷ᠎ᠠ ᠶᠢᠨ 11 ᠠᠴᠠ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠦᠬᠠᠢ ᠬᠤᠳᠠ ᠳᠤ ᠬᠦᠷᠴᠦ ᠲᠤᠬᠠᠢ ᠶᠢᠨ ᠭᠠᠵᠠᠷ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ | ᠬᠢᠪᠡ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠵᠢᠯ ᠤᠨ ᠡᠴᠦᠰ ᠪᠣᠯᠲᠠᠯ᠎ᠠ ᠤᠳᠤ | 50 ᠡᠳᠦᠷ ᠴᠤ ᠦᠭᠡᠢ ᠪᠣᠯᠵᠠᠢ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ ᠂ | ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠡᠳᠭᠢᠯ ᠨᠢᠭᠡ ᠵᠣᠷᠢᠭ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ | ᠬᠢᠵᠦ᠂ ᠰᠢᠪᠲᠤᠯᠤᠯᠲᠠ ᠶᠢᠨ ᠪᠠᠶᠢᠳᠠᠯ ᠢᠶᠠᠷ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠮᠤᠭ ᠤᠨ | ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠬᠠᠮᠤᠭ ᠤᠨ ᠰᠠᠶᠢᠨ ᠬᠢᠷᠢ ᠪᠦᠲᠦᠮᠵᠢ ᠶᠢ ᠤᠯᠬᠤ ᠪᠠᠷ ᠴᠢᠷᠮᠠᠶᠢᠬᠤ ᠬᠡᠷᠡᠭᠲᠡᠢ | ᠃ ᠠᠵᠤ ᠠᠬᠤᠢ ᠶᠢᠨ ᠡᠷᠬᠢᠯᠳᠠ ᠶᠢᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠨᠵᠡᠭᠡᠢ ᠵᠠᠳᠠᠯᠵᠤ | ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ᠃ ᠠᠷᠠᠯᠵᠢᠶᠠᠴᠢᠨ | ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ | ᠵᠦᠢᠯ ᠢ ᠡᠬᠢᠯᠡᠭᠦᠯᠬᠦ ᠶᠤᠰᠤᠲᠠᠢ ᠶᠢ ᠨᠢ ᠪᠦᠬᠦᠨ ᠢ ᠡᠬᠢᠯᠡᠭᠦᠯᠵᠤ᠂ ᠪᠦᠳᠦᠭᠡᠨ ᠪᠠᠶᠢᠭᠤᠯᠤᠯᠲᠠ ᠶᠢ ᠲᠦᠷᠭᠡᠳᠭᠡᠬᠦ ᠶᠢ | ᠪᠦᠬᠦ ᠬᠦᠴᠦᠨ ᠢᠶᠠᠷ ᠠᠬᠢᠭᠤᠯᠵᠤ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠬᠦ ᠬᠡᠷᠡᠭᠲᠡᠢ᠃ | ᠦᠬᠠᠶ ᠬᠤᠲᠠ ᠪᠣᠯ ᠡᠬᠢ ᠪᠠᠶᠠᠯᠢᠭ ᠤᠨ ᠬᠡᠯᠪᠡᠷᠢ ᠶᠢᠨ ᠨᠡᠶᠢᠲᠡᠯᠢᠭ ᠬᠤᠲᠠ ᠮᠥᠨ᠂ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠬᠠᠷᠢᠭᠤᠴᠠᠯᠭᠠᠲᠤ ᠰᠡᠳᠭᠢᠯᠭᠡ ᠪᠠ ᠳᠣᠯᠭᠠᠮ᠎ᠠ ᠰᠡᠳᠭᠢᠯᠭᠡ ᠪᠠᠨ ᠴᠢᠩᠭᠠᠳᠬᠠᠵᠤ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠢ ᠤᠶᠠᠯᠳᠤᠭᠤᠯᠤᠨ᠂ ᠡᠬᠢ ᠪᠠᠶᠠᠯᠢᠭ ᠤᠨ | ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠲᠠᠯ᠎ᠠ ᠪᠠᠷ ᠵᠣᠷᠢᠭᠲᠠᠶ ᠰᠦᠪᠡᠭᠴᠢᠯᠡᠯᠳᠠ | ᠬᠢᠵᠦ᠂ ᠣᠷᠢᠳᠡᠪᠡᠷ ᠬᠡᠷᠡᠭᠵᠢᠭᠦᠯᠦᠨ ᠣᠷᠢᠳᠡᠪᠡᠷ ᠲᠤᠷᠰᠢᠵᠤ᠂ ᠪᠥᠬᠦ ᠣᠷᠣᠨ ᠳᠤ ︽ᠨᠢᠭᠡᠨ ᠵᠠᠮ ᠰᠦᠪᠡᠭᠴᠢᠯᠡᠵᠦ | ᠥᠭᠬᠦ︾ ᠬᠡᠷᠡᠭᠲᠡᠶ᠃ ᠳᠠᠪᠠᠭᠤᠯᠢᠭ ᠤᠨᠴᠠᠯᠢᠬᠳᠤ ᠠᠵᠤ ᠦᠢᠯᠡᠰ ᠢ ᠲᠦᠷᠭᠡᠨ ᠬᠥᠭᠵᠢᠭᠦᠯᠵᠦ᠂ ᠰᠢᠨ᠎ᠡ ᠨᠡᠮᠡᠭᠳᠡᠯ ᠤᠨ | ᠴᠡᠭ ᠢ ᠢᠳᠡᠪᠬᠢᠲᠡᠢ ᠪᠤᠶᠢᠵᠢᠭᠤᠯᠵᠤ᠂ ᠠᠷᠭ᠎ᠠ ᠰᠦᠪᠡᠭᠴᠢᠯᠡᠨ ᠠᠵᠤ ᠠᠬᠤᠶᠢᠯᠠᠯ ᠤᠨ ᠬᠦᠴᠢᠷ ᠢ ᠲᠤᠭᠤᠯᠵᠦ᠂ ᠵᠠᠬ᠎ᠠ | ᠳᠡᠯᠭᠡᠭᠦᠷ ᠢ ᠵᠠᠪᠳᠤᠨ ᠡᠵᠡᠯᠡᠬᠦ ᠳᠤ ᠲᠡᠮᠵᠢᠯᠭᠡ ᠦᠵᠡᠭᠦᠯᠬᠦ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ | ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ | ᠦᠬᠠᠶ ᠨᠠᠭᠤᠷ ᠤᠨ ᠨᠦᠯᠦᠮᠡᠯ ᠰᠢᠪᠠᠷ ᠢ ᠴᠡᠪᠡᠷᠯᠡᠬᠦ ᠠᠵᠢᠯ ᠢ ᠭᠦᠨᠵᠡᠭᠡᠶ ᠠᠬᠢᠭᠤᠯᠬᠤ ᠬᠡᠷᠡᠭᠲᠡᠶ᠃ ᠠᠭᠤᠷᠬᠠᠢ ᠶᠢᠨ | ᠵᠠᠰᠠᠯᠲᠠ᠂ ᠬᠤᠵᠢᠷᠯᠢᠭ ᠭᠠᠵᠠᠷ ᠤᠨ ᠵᠠᠰᠠᠯᠲᠠ ᠶᠢ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠠᠢ | ᠣᠷᠭᠠᠨᠢᠭ ᠢᠶᠠᠷ ᠵᠣᠯᠭᠠᠭᠤᠯᠵᠤ᠂ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠵᠡᠷᠭᠡ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠶᠡᠷᠦᠩᠬᠡᠶᠢᠯᠡᠭᠰᠡᠨ | ᠦᠢᠯᠡᠳᠦᠯ ᠢ ᠪᠠᠳᠠᠷᠠᠭᠤᠯᠵᠤ᠂ ᠰᠠᠶᠢᠨ ᠣᠷᠴᠢᠯ ᠢ ᠪᠦᠷᠢᠯᠳᠦᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠬᠤ | ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ | ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ | ᠰᠠᠶᠢᠲᠤᠷ ᠠᠳᠬᠤᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ᠃ | ᠰᠣᠶᠣᠯ ᠤᠨ ᠪᠠ ᠪᠠᠶᠢᠭᠠᠯᠢ ᠶᠢᠨ ᠥᠪ ᠢ ᠤᠯᠠᠮᠵᠢᠯᠠᠨ ᠵᠠᠯᠭᠠᠮᠵᠢᠯᠠᠬᠤ᠂ ᠠᠰᠢᠭᠯᠠᠬᠤ ᠠᠵᠢᠯ ᠢ ᠦᠷᠭᠦᠯᠵᠢᠯᠡᠨ | ᠴᠢᠩᠭᠠᠳᠬᠠᠵᠤ᠂ ᠥᠪ ᠢ ᠬᠠᠮᠠᠭᠠᠯᠠᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠨᠠᠮ ᠤᠨ | ᠪᠠᠶᠢᠭᠤᠯᠤᠯᠲᠠ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠢᠷᠡᠬᠦ ᠵᠢᠯ ᠤᠨ ᠠᠵᠢᠯ ᠢ ᠡᠷᠲᠡ ᠠᠴᠠ | ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠣᠳᠠᠲᠠᠢ ᠬᠡᠷᠡᠭᠵᠢᠭᠦᠯᠵᠦ ᠪᠣᠯᠬᠤᠶᠢᠴᠠ | ᠰᠡᠳᠭᠢᠴᠠ ᠪᠠ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠭᠠᠷᠭᠠᠬᠤ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ ᠢᠦᠢ ᠯᠢ ᠰᠢᠨ ᠣᠷᠣᠯᠴᠠᠵᠠᠢ᠃ |