11 ᠰᠠᠷ᠎ᠠ ᠶᠢᠨ 13 ᠤ ᠡᠳᠦᠷ᠂ ᠠᠯᠠᠱᠠ ᠪᠠᠷᠠᠭᠤᠨ ᠬᠤᠰᠢᠭᠤ᠂ ᠪᠠᠳᠠᠶ ᠶᠢᠨ ᠵᠢᠷᠠᠨ ᠪᠠᠯᠭᠠᠰᠤᠨ ᠤ | ᠨᠠᠰᠤᠲᠠᠶᠢᠴᠤᠳ ᠢ ᠠᠰᠠᠷᠠᠨ ᠲᠤᠰᠠᠯᠠᠬᠤ ︽ᠵᠣᠯ ᠵᠢᠷᠭᠠᠯᠲᠤ ᠬᠤᠭᠤᠯᠠᠨ ᠬᠡᠷ︾ ᠤᠨ ᠲᠤᠷᠰᠢᠨ ᠡᠵᠡᠩᠨᠡᠯᠳᠡ ᠶᠢᠨ | ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠨ ᠭᠠᠩ ᠳ᠋ᠧ ︽ᠵᠣᠯ ᠵᠢᠷᠭᠠᠯᠲᠤ | ᠬᠤᠭᠤᠯᠠᠨ ᠬᠡᠷ︾ ᠤᠨ ᠫᠠᠶᠢᠰᠠ ᠰᠡᠬᠦᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠱᠢ ᠱᠧ᠂ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠳᠠᠷᠤᠭ᠎ᠠ ᠬᠤᠤ ᠱᠢ ᠸᠧᠶ ᠶᠤᠰᠤᠯᠠᠯ ᠳᠤ ᠣᠷᠤᠯᠴᠠᠨ᠂ ᠬᠤᠰᠢᠭᠤ ᠳᠡᠳ᠋ ᠳᠠᠷᠤᠭ᠎ᠠ | ᠤᠳᠬᠤᠨᠴᠢᠮᠡᠭ ᠪᠠᠶᠠᠷ ᠤᠨ ᠦᠭᠡ ᠭᠡᠯᠡᠭᠰᠡᠨ ᠪᠠᠶᠢᠨ᠎ᠠ᠃ | | | | ᠮᠠᠨ ᠤ ᠤᠯᠤᠰ ᠤᠨ ᠨᠠᠰᠤᠵᠢᠯ ᠤᠨ ᠠᠬᠢᠴᠠ ᠶᠢᠨ ᠲᠦᠷᠭᠡᠳᠬᠦ ᠶᠢ ᠳᠠᠭᠠᠯᠳᠤᠨ᠂ ᠨᠠᠰᠤᠲᠠᠶᠢᠴᠤᠳ ᠤᠨ | ᠬᠤᠭᠤᠯᠠ ᠪᠤᠳᠠᠭ᠎ᠠ ᠭᠢᠬᠦ ᠠᠰᠠᠭᠤᠳᠠᠯ ᠨᠢ ᠨᠡᠶᠢᠭᠡᠮ ᠤᠨ ᠬᠠᠯᠠᠮᠰᠢᠯ ᠪᠣᠯᠤᠭᠰᠠᠨ ᠪᠠᠶᠢᠨ᠎ᠠ᠃ ᠠᠯᠠᠱᠠ ᠪᠠᠷᠠᠭᠤᠨ | ᠬᠤᠰᠢᠭᠤ ᠪᠣᠳᠤᠲᠠᠢ ᠪᠠᠶᠢᠳᠠᠯ ᠲᠠᠢ ᠪᠠᠨ ᠣᠶᠠᠯᠳᠣᠭᠤᠯᠵᠤ᠂ ᠨᠠᠰᠤᠲᠠᠶᠢᠴᠤᠳ ᠤᠨ ᠬᠤᠭᠤᠯᠠᠨ ᠬᠡᠷ ᠢ ᠰᠢᠨ᠎ᠡ ᠪᠠᠷ | ᠪᠠᠶᠢᠭᠤᠯᠵᠤ᠂ ᠨᠠᠰᠤᠲᠠᠶᠢᠴᠤᠳ ᠢ ᠠᠰᠠᠷᠠᠨ ᠬᠤᠭᠤᠯᠠ ᠪᠤᠳᠠᠭ᠎ᠠ ᠭᠢᠵᠤ ᠲᠤᠰᠠᠯᠠᠬᠤ ᠦᠢᠯᠡᠴᠢᠯᠡᠭᠡ ᠪᠠᠷ ᠲᠠᠮᠵᠢᠨ᠂ | ᠨᠠᠰᠤᠲᠠᠶᠢᠴᠤᠳ ᠲᠤ ᠲᠥᠬᠦᠮ ᠲᠦᠳᠡ᠂ ᠡᠷᠡᠭᠦᠯ ᠮᠡᠨᠳᠦ ᠳᠤ ᠠᠰᠢᠭᠲᠠᠢ᠂ ᠨᠣᠭᠤᠭ᠎ᠠ ᠴᠠᠭᠠᠭᠠ ᠪᠤᠳᠠᠭ᠎ᠠ | ᠬᠤᠭᠤᠯᠠ ᠬᠠᠩᠭᠠᠵᠤ᠂ ᠨᠠᠰᠤᠲᠠᠶᠢᠴᠤᠳ ᠤᠨ ᠬᠤᠭᠤᠯᠠ ᠤ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ | | | | ᠣᠶᠢᠯᠠᠭᠠᠭᠰᠠᠨ ᠢᠶᠠᠷ᠂ ᠨᠠᠰᠤᠲᠠᠶᠢᠴᠤᠳ ᠢ ᠠᠰᠠᠷᠠᠨ ᠲᠤᠰᠠᠯᠠᠬᠤ ︽ᠵᠣᠯ ᠵᠢᠷᠭᠠᠯᠲᠤ ᠬᠤᠭᠤᠯᠠᠨ ᠬᠡᠷ︾ ᠢ | ᠪᠠᠳᠠᠶ ᠶᠢᠨ ᠵᠢᠷᠠᠨ ᠪᠠᠯᠭᠠᠰᠤᠨ ᠤ ᠠᠷᠠᠳ ᠤᠨ ᠴᠠᠭᠳᠠᠭ᠎ᠠ ᠶᠢᠨ ᠬᠤᠭᠤᠯᠠᠨ ᠭᠡᠷ ᠪᠤᠯᠤᠨ ᠨᠠᠰᠤᠲᠠᠶᠢᠴᠤᠳ ᠢ | ᠠᠰᠠᠷᠠᠬᠤ ᠬᠦᠷᠢᠶᠡᠯᠡᠩ ᠤᠨ ᠬᠤᠭᠤᠯᠠᠨ ᠬᠡᠷ ᠠᠴᠠ ᠡᠵᠡᠩᠨᠡᠵᠦ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ | ᠬᠠᠷᠠᠵᠤ ᠬᠠᠷᠭᠠᠯᠵᠠᠬᠤ ᠭᠦᠮᠦᠨ ᠦᠭᠡᠢ ᠬᠡᠤᠬᠡᠳ᠂ ᠵᠡᠮᠳᠡᠭ ᠭᠦᠮᠦᠨ᠂ ᠦᠨᠦᠴᠢᠨ ᠬᠡᠤᠬᠡᠳ ᠭᠤᠤᠯᠳᠠᠯᠭ᠎ᠠ ᠲᠠᠢ | ᠬᠠᠷᠠᠭᠠᠯᠵᠠᠬᠤ ᠡᠲᠡᠭᠡᠳ ᠵᠡᠷᠭᠡ ᠬᠥᠮᠦᠰ ᠲᠤ ᠬᠤᠭᠤᠯᠠ ᠤᠮᠳᠠᠭᠠᠨ ᠤ ᠦᠢᠯᠡᠴᠢᠯᠡᠭᠡ ᠬᠠᠩᠭᠠᠵᠤ᠂ ᠡᠭᠦᠨ ᠳᠤ 90 | ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠭᠦᠨᠳᠦ ᠵᠡᠮᠳᠡᠭ ᠭᠦᠮᠦᠰ ᠲᠤ ᠬᠤᠭᠤᠯᠠ ᠬᠦᠷᠭᠡᠬᠦ ᠦᠢᠯᠡᠴᠢᠯᠡᠭᠡ | ᠬᠠᠩᠭᠠᠵᠤ᠂ ᠨᠢᠭᠡ ᠣᠳᠠᠭᠠᠨ ᠤ ᠭᠦᠷᠭᠡᠯᠳᠡ ᠳᠤ 2 ᠲᠥᠭᠦᠷᠢᠭ ᠤᠨ ᠨᠥᠬᠦᠪᠥᠷᠢ ᠦᠭᠭᠦᠨ᠎ᠡ᠃ ᠨᠢᠭᠡ ᠡᠳᠦᠷ | ᠤᠨ ᠬᠤᠭᠤᠯᠠ ᠨᠢ 38 ᠲᠥᠭᠦᠷᠢᠭ ᠤᠨ ᠪᠠᠷᠢᠮᠵᠢᠶ᠎ᠠ ᠲᠠᠢ᠂ ᠵᠠᠰᠠᠭ ᠤᠨ ᠣᠷᠳᠣᠨ ᠠᠴᠠ ᠨᠠᠰᠤᠨ ᠤ ᠪᠠᠶᠢᠳᠠᠯ ᠢᠶᠠᠷ | ᠨᠥᠬᠦᠪᠥᠷᠢ ᠥᠭᠴᠦ᠂ ᠪᠤᠰᠤᠳ ᠵᠢᠷᠤᠳᠠᠯ ᠢ ᠥᠪᠡᠷᠲᠡᠭᠡᠨ ᠬᠠᠷᠢᠭᠤᠴᠠᠨ᠎ᠠ ᠃ | | | | ᠨᠠᠰᠤᠲᠠᠶᠢᠴᠤᠳ ᠤᠨ ᠬᠤᠭᠤᠯᠠᠨ ᠭᠡᠷ ᠤᠨ ᠦᠢᠯᠡᠴᠢᠯᠡᠭᠡ ᠨᠢ ᠨᠡᠶᠢᠭᠡᠮ ᠲᠣᠭᠤᠷᠢᠭ ᠤᠨ ᠰᠠᠭᠤᠷᠠᠨ ᠳᠤ | ᠰᠠᠭᠤᠭ᠎ᠠ ᠨᠠᠰᠤᠲᠠᠶᠢᠴᠤᠳ ᠢ ᠲᠡᠮᠵᠢᠵᠤ᠂ ᠨᠠᠰᠤᠲᠠᠶᠢᠴᠤᠳ ᠤᠨ ᠵᠤᠯ ᠵᠢᠷᠭᠠᠯ ᠢ ᠨᠡᠮᠡᠭᠳᠡᠭᠦᠯᠬᠦ ᠴᠢᠬᠤᠯᠠ ᠠᠷᠠᠳ ᠤᠨ | ᠠᠮᠢᠳᠤᠷᠠᠯ ᠤᠨ ᠢᠨᠵᠧᠨᠧᠷᠢᠩ ᠶᠤᠮ᠃ ᠣᠶᠢᠷ᠎ᠠ ᠶᠢᠨ ᠵᠢᠯ ᠳᠤ᠂ ᠠᠯᠠᠱᠠ ᠪᠠᠷᠠᠭᠤᠨ ᠬᠤᠰᠢᠭᠤ ᠠᠷᠠᠳ ᠤᠨ | ᠠᠮᠢᠳᠤᠷᠠᠯ ᠤᠨ ᠪᠠᠲᠤᠯᠠᠭ᠎ᠠ ᠪᠤᠯᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠢ ᠢᠳᠡᠪᠬᠢᠲᠡᠶ ᠬᠥᠲᠥᠯᠥᠨ ᠵᠢᠯᠣᠭᠤᠳᠴᠤ ᠨᠠᠰᠤᠲᠠᠨ ᠢᠶᠠᠨ | ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠭᠤᠯᠵᠤ᠂ ᠨᠠᠰᠤᠵᠢᠯ ᠤᠨ ᠦᠢᠯᠡᠰ ᠪᠤᠯᠤᠨ | ᠨᠠᠰᠤᠳᠠᠨ ᠢ ᠠᠰᠠᠷᠠᠬᠤ ᠠᠵᠤ ᠦᠢᠯᠡᠰ ᠤᠨ ᠦᠷᠨᠢᠨ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ | ᠬᠡᠤᠬᠡᠳ ᠢ ᠪᠠᠶᠠᠷ ᠬᠥᠷ ᠲᠠᠢ ᠦᠰᠦᠨ ᠪᠤᠶᠢᠵᠢᠭᠤᠯᠵᠤ᠂ ᠨᠠᠰᠤᠲᠠᠶᠢᠴᠤᠳ ᠢ ᠥᠲᠡᠯᠦᠭᠡ ᠨᠠᠰᠤ ᠪᠠᠨ ᠠᠮᠤᠷ | ᠲᠠᠶᠢᠪᠤᠩ ᠦᠩᠭᠡᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠠᠩ ᠴᠢᠨᠠᠷ ᠰᠠᠶᠢᠲᠠᠶ | ᠠᠮᠢᠳᠤᠷᠠᠭᠤᠯᠤᠨ᠎ᠠ ᠃ | | | | | |