11 ᠰᠠᠷ᠎ᠠ ᠶᠢᠨ 12 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠠᠯᠠᠱᠠ | ᠪᠠᠷᠠᠭᠤᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠣᠷᠳᠣᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠥᠪ᠂ ᠨᠣᠮ ᠤᠨ ᠰᠠᠩ ᠵᠡᠷᠭᠡ ᠭᠠᠵᠠᠷ ᠢᠶᠠᠷ ᠬᠦᠷᠴᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠤᠯᠤᠨ ᠬᠡᠷᠡᠭᠯᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ | ᠭᠢᠭᠰᠡᠨ ᠪᠠᠶᠢᠨ᠎ᠠ᠃ | ᠭᠤᠤ ᠵᠧᠩ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠠᠯᠠᠱᠠ ᠪᠠᠷᠠᠭᠤᠨ ᠬᠤᠰᠢᠭᠤᠨ ᠤ ᠰᠤᠶᠤᠯ | ᠪᠡᠶ᠎ᠡ ᠶᠢᠨ ᠲᠠᠮᠢᠷ ᠤᠨ ᠣᠷᠳᠣᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠭᠠᠵᠠᠷ ᠢᠶᠠᠷ ᠬᠦᠷᠴᠦ | ᠡᠯ᠎ᠡ ᠴᠢᠳᠠᠮᠵᠢᠳᠤ ᠲᠣᠭᠤᠷᠢᠭ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠡᠵᠡᠩᠨᠡᠯᠲᠡ ᠬᠠᠮᠠᠭᠠᠯᠠᠯᠲᠠ ᠪᠠ | ᠪᠣᠳᠠᠲᠠᠢ ᠬᠡᠷᠡᠭᠯᠡᠯᠲᠡ ᠶᠢᠨ ᠪᠠᠶᠢᠳᠠᠯ ᠢ ᠦᠢᠯᠠᠭᠠᠵᠡᠢ᠃ ᠲᠡᠷᠡ ᠴᠢᠬᠤᠯᠠᠴᠢᠯᠠᠭᠰᠠᠨ ᠨᠢ᠂ ᠲᠠᠮᠢᠷ ᠤᠨ ᠣᠷᠳᠣᠨ | ᠲᠠᠯᠠᠪᠠᠢ ᠶᠢ ᠰᠡᠯᠪᠢᠨ ᠵᠠᠰᠠᠵᠤ ᠰᠢᠨᠡᠳᠭᠡᠭᠦ ᠠᠵᠢᠯ ᠤᠨ ᠠᠭᠢᠴᠠ ᠶᠢ ᠲᠦᠷᠭᠡᠳᠬᠡᠨ᠂ ᠬᠠᠮᠢᠶᠠᠷᠤᠯᠲᠠ ᠶᠢᠨ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠤ᠂ ᠦᠢᠯᠡᠴᠢᠯᠡᠭᠡᠨ ᠤ ᠴᠢᠳᠠᠮᠵᠢ ᠶᠢ ᠲᠡᠭᠦᠯᠲᠡᠷᠵᠢᠬᠦᠯᠦᠨ᠂ | ᠠᠵᠢᠯᠠᠯᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠤᠨ᠂ ᠲᠠᠯᠠᠪᠠᠢ ᠣᠷᠳᠣᠨ ᠤ ᠶᠡᠷᠦᠩᠬᠡᠶᠢᠯᠡᠨ ᠠᠰᠢᠭᠯᠠᠬᠤ | ᠨᠤᠷᠮ᠎ᠠ ᠶᠢ ᠲᠡᠭᠡᠭᠰᠢᠯᠡᠭᠦᠯᠦᠨ᠂ ᠲᠠᠯᠠᠪᠠᠢ ᠣᠷᠳᠣᠨ ᠤ ᠴᠢᠳᠠᠮᠵᠢᠳᠤ ᠣᠷᠣᠨ ᠲᠤᠭᠤᠷᠢᠭ ᠢ ᠰᠢᠨᠵᠢᠯᠡᠬᠦ ᠤᠬᠠᠭᠠᠨᠴᠢ ᠪᠠᠷ | ᠵᠣᠬᠢᠰᠲᠠᠶ ᠪᠠᠶᠢᠷᠢᠰᠢᠭᠤᠯᠵᠤ᠂ ᠪᠠᠭᠠᠵᠢ ᠬᠡᠷᠡᠭᠰᠡᠯ ᠲᠥᠬᠦᠭᠡᠷᠦᠮᠵᠢ ᠶᠢ ᠭᠦᠢᠴᠡᠳ ᠲᠤᠭᠢᠷᠠᠭᠤᠯᠤᠨ᠂ ᠭᠠᠳᠠᠭᠰᠢ | ᠨᠡᠭᠡᠭᠡᠯᠲᠡ ᠭᠢᠭᠦ ᠦᠢᠯᠡᠴᠢᠯᠡᠭᠡ ᠶᠢ ᠡᠮᠬᠢ ᠲᠢᠭᠯᠢᠮ ᠲᠠᠢ ᠬᠢᠵᠦ᠂ ᠣᠯᠠᠨ ᠲᠦᠮᠡᠨ ᠳᠤ ᠨᠠᠩ ᠣᠯᠠᠨ ᠳᠥᠭᠦᠮ | ᠳᠥᠲᠡ᠂ ᠴᠢᠨᠠᠷ ᠰᠠᠶᠢᠲᠠᠶ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠣᠯᠠᠨ | ᠲᠦᠮᠡᠨ ᠤ ᠣᠯᠠᠨ ᠡᠰᠢᠵᠢᠭᠰᠡᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠰᠠᠶᠢᠲᠤᠷ ᠬᠠᠩᠭᠠᠨ᠎ᠠ᠃ | ᠭᠤᠣ ᠵᠧᠩ᠂ ᠨᠣᠮ ᠤᠨ ᠰᠠᠩ ᠪᠤᠯᠤᠨ ᠺᠢᠨᠣ᠋ ᠶᠢᠨ ᠣᠷᠳᠣᠨ ᠳᠤ ᠭᠦᠷᠴᠤ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ᠂ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠵᠢᠴᠢ ᠦᠢᠯᠡᠴᠢᠯᠡᠭᠡᠨ ᠤ ᠲᠥᠬᠦᠭᠡᠷᠦᠮᠵᠢ ᠶᠢᠨ | ᠪᠠᠶᠢᠳᠠᠯ ᠢ ᠨᠠᠷᠢᠨ ᠦᠢᠯᠠᠭᠠᠵᠡᠢ᠃ ᠭᠤᠤ ᠵᠧᠩ ᠵᠢᠭᠠᠵᠤ ᠭᠠᠷᠭᠠᠭᠰᠠᠨ ᠨᠢ᠂ ᠨᠣᠮ ᠤᠨ ᠰᠠᠩ᠂ ᠺᠢᠨᠣ᠋ ᠶᠢᠨ | ᠣᠷᠳᠣᠨ ᠨᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠬᠤᠯᠠ ᠲᠠᠯᠠᠪᠤᠷ ᠪᠣᠯᠤᠭᠰᠠᠨ ᠤ ᠬᠤᠪᠢ ᠳᠤ᠂ | ᠰᠣᠶᠣᠯ ᠢ ᠤᠯᠠᠮᠵᠢᠯᠠᠬᠤ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠬᠥᠭᠵᠢᠶᠡᠨᠲᠡᠢ ᠪᠣᠯᠭᠠᠬᠤ | ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠨ᠎ᠡ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠬᠤᠪᠢᠷᠠᠭᠤᠯᠵᠤ᠂ | ᠬᠠᠲᠠᠭᠤ ᠵᠥᠭᠡᠯᠡᠨ ᠲᠤᠨᠤᠭ ᠤᠨ ᠣᠷᠣᠭᠤᠯᠤᠯᠲᠠ ᠶᠢ ᠨᠡᠮᠡᠭᠳᠡᠭᠦᠯᠦᠨ᠂ ᠤᠯᠠᠨ ᠲᠦᠮᠡᠨ ᠤ ᠬᠡᠷᠡᠭᠴᠡᠭᠡ ᠶᠢ ᠪᠦᠬᠦ | ᠲᠠᠯ᠎ᠠ ᠪᠠᠷ ᠬᠠᠩᠭᠠᠵᠤ᠂ ᠠᠭᠤᠯᠭ᠎ᠠ ᠪᠠᠷ ᠨᠡᠩ ᠪᠠᠶᠠᠯᠢᠭ᠂ ᠬᠡᠯᠪᠡᠷᠢ ᠮᠠᠶ᠋ᠢᠭ ᠣᠯᠠᠨ ᠨᠡᠶᠢᠭᠡᠮ ᠳᠤ ᠴᠢᠭᠯᠡᠭᠦᠯᠦᠭᠰᠡᠨ | ᠦᠢᠯᠡᠴᠢᠯᠡᠭᠡᠨ ᠤ ᠦᠢᠯᠡᠳᠬᠦᠨ᠂ ᠦᠢᠯᠡᠴᠢᠯᠡᠭᠡᠨ ᠤ ᠠᠭᠤᠯᠭ᠎ᠠ ᠶᠢ ᠬᠠᠩᠭᠠᠨ᠎ᠠ ᠭᠡᠵᠤ ᠵᠢᠭᠠᠵᠤ ᠭᠠᠷᠭᠠᠭᠰᠠᠨ ᠪᠠᠶᠢᠨ᠎ᠠ | ᠃ | ᠭᠤᠣ ᠵᠧᠩ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠦᠰᠦᠯ ᠤᠨ | ᠭᠠᠵᠠᠷ ᠲᠤ ᠭᠦᠷᠴᠤ ᠲᠦᠰᠦᠯ ᠤᠨ ᠲᠥᠯᠥᠪᠵᠢᠭᠦᠯᠭᠡ ᠶᠢᠨ ᠲᠥᠰᠦᠯ᠂ ᠭᠠᠵᠠᠷ ᠠᠰᠢᠭᠯᠠᠬᠤ ᠵᠡᠷᠭᠡ ᠪᠠᠶᠢᠳᠠᠯ ᠢ | ᠨᠠᠷᠢᠨ ᠣᠶᠢᠯᠠᠭᠠᠵᠤ᠂ ᠣᠯᠠᠨ ᠲᠦᠮᠡᠨ ᠤ ᠣᠶᠤᠨ ᠪᠠ ᠰᠣᠶᠣᠯ ᠤᠨ ᠠᠮᠢᠳᠤᠷᠠᠯ ᠤᠨ ᠪᠣᠳᠠᠲᠠᠶ ᠬᠡᠷᠡᠭᠴᠡᠭᠡ ᠲᠠᠢ | ᠨᠢᠭᠲᠠ ᠤᠶᠠᠯᠳᠤᠭᠤᠯᠤᠨ ᠬᠡᠷᠡᠭᠵᠢᠭᠦᠯᠬᠦ ᠠᠭᠤᠯᠭ᠎ᠠ ᠶᠢ ᠰᠦᠪᠡᠭᠴᠢᠯᠡᠨ᠂ ᠲᠦᠰᠦᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠰᠠᠶᠢᠨ ᠰᠠᠶᠢᠬᠠᠨ | ᠨᠥᠬᠦᠴᠡᠯ ᠢ ᠪᠦᠷᠢᠯᠳᠦᠭᠦᠯᠤᠨ ᠥᠭᠴᠦ᠂ ᠠᠷᠠᠳ ᠣᠯᠠᠨ ᠤ ᠵᠢᠷᠭᠠᠯᠲᠤ ᠲᠥᠷᠥᠭᠳᠡᠯ᠂ ᠬᠦᠷᠲᠡᠮᠵᠢ ᠶᠢᠨ | ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠭᠦᠯᠦᠨ ᠭᠡᠵᠦ ᠴᠢᠬᠤᠯᠠᠴᠢᠯᠠᠪᠠ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠶᠠᠩ ᠱᠤᠤ ᠴᠦᠨ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠸᠠᠩ ᠳ᠋ᠥᠸᠧ ᠵᠢᠴᠢ ᠬᠤᠯᠪᠤᠭᠳᠠᠯ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | |