ᠭᠤᠤ ᠵᠧᠩ ᠠᠯᠲᠠᠨᠴᠤᠭ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/11/19
    11 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠠᠯᠲᠠᠨᠴᠤᠭ ᠰᠤᠮᠤ  ᠪᠤᠯᠤᠨ ᠬᠠᠷᠢᠯᠴᠠᠬᠤ ᠭᠠᠴᠠᠭᠠᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠲᠠᠷᠢᠶᠠᠯᠠᠩ ᠮᠠᠯ ᠠᠵᠤ ᠠᠬᠤᠶ ᠶᠢᠨ ᠤᠨᠴᠠᠯᠢᠬᠳᠤ ᠠᠵᠤ ᠦᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
1.jpg
     ᠭᠤᠣ ᠵᠧᠩ᠂ ᠬᠥᠬᠡ ᠠᠭᠤᠯᠠ  ᠭᠠᠴᠠᠭᠠᠨ ᠳᠤ ᠬᠦᠷᠴᠦ ᠰᠤᠮᠤᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠣᠯᠤᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠰᠤᠮᠤᠨ ᠤ ᠬᠠᠷᠢᠭᠤᠴᠠᠯᠭᠠᠲᠠᠨ ᠵᠢᠴᠢ ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ ᠪᠠᠭ ᠲᠤ ᠠᠷᠠᠳ ᠣᠯᠠᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠥᠨᠳᠥᠷ ᠪᠠᠶᠢᠷᠢᠨ ᠳᠤ ᠲᠠᠯᠪᠢᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠤᠯᠠᠨ ᠲᠦᠮᠡᠨ ᠤ ᠶᠠᠪᠤᠳᠠᠯ ᠢ ᠪᠣᠳᠠᠲᠠᠢ ᠬᠢᠵᠦ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠠᠮᠢᠳᠤᠯᠢᠭ ᠰᠠᠶᠢᠬᠠᠨ ᠬᠡᠷᠡᠭᠯᠡᠵᠦ᠂ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠲᠤᠰᠢᠶᠠᠬᠤ᠂ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ᠂ ᠮᠠᠯᠴᠢᠨ ᠲᠠᠷᠢᠶᠠᠴᠢᠨ ᠲᠦᠮᠡᠨ ᠤ  ᠦᠢᠯᠡᠳᠪᠦᠷᠢᠯᠡᠯ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠬᠦ ᠵᠡᠷᠭᠡ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠵᠤ᠂ ᠣᠯᠠᠨ ᠲᠦᠮᠡᠨ ᠳᠤ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠭᠦᠯᠬᠦ ᠬᠡᠷᠡᠭᠲᠡᠶ᠃
2.jpg
    ᠥᠪᠥᠷ ᠮᠣᠩᠭᠤᠯ ᠤᠨ ᠲᠦᠸᠧ ᠵᠢᠶᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠭᠤᠤ ᠵᠧᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠡᠮᠡᠭᠡᠨ ᠤ ᠡᠪᠡᠰᠦ ᠪᠣᠷᠳᠤᠭ᠎ᠠ ᠲᠠᠷᠢᠬᠤ ᠦᠢᠯᠡᠳᠪᠦᠷᠢᠯᠡᠬᠦ ᠤᠷ᠎ᠠ  ᠮᠡᠷᠭᠡᠵᠢᠯ ᠪᠣᠯᠤᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠶᠢᠯᠠᠯ ᠤᠨ ᠬᠢᠨ ᠡᠪᠡᠰᠦ ᠪᠤᠷᠳᠤᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠳᠠᠷᠠᠭᠠᠴᠢ ᠶᠢᠨ ᠠᠯᠬᠤᠮ ᠳᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠯᠴᠢᠨ ᠲᠠᠷᠢᠶᠠᠴᠢᠨ ᠤ ᠤᠷᠳᠤ ᠬᠤᠭᠤᠴᠠᠭ᠎ᠠ ᠪᠠᠷ ᠠᠰᠢᠭ ᠬᠦᠷᠳᠡᠬᠦ ᠶᠢ ᠪᠡᠶᠡᠯᠡᠭᠦᠯᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠣᠨᠣᠪᠴᠢᠲᠠᠶ ᠰᠤᠳᠤᠯᠤᠨ ᠮᠠᠭᠠᠳᠯᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠪᠠᠯᠠ ᠣᠷᠣᠭᠤᠯᠤᠨ ᠬᠥᠭᠵᠢᠭᠦᠯᠵᠦ᠂ ᠦᠢᠯᠡᠳᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ᠂ ᠳᠡᠯᠭᠡᠷᠡᠭᠦᠯᠦᠨ ᠲᠠᠨᠢᠯᠴᠠᠭᠤᠯᠬᠤ᠂ ᠪᠣᠷᠣᠯᠠᠭᠤᠯᠭ᠎ᠠ ᠶᠢᠨ ᠵᠠᠮ ᠢ ᠥᠷᠭᠡᠳᠬᠡᠬᠦ ᠲᠠᠯ᠎ᠠ ᠪᠠᠷ ᠬᠠᠪᠰᠤᠷᠤᠨ ᠲᠡᠳᠬᠦᠬᠦ ᠳᠡᠮᠵᠢᠯᠭᠡ ᠦᠵᠡᠭᠦᠯᠵᠦ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠢᠶᠠᠷ ᠭᠤᠤᠯᠯᠠᠭᠤᠯᠬᠤ᠂ ᠮᠠᠯᠴᠢᠨ ᠲᠠᠷᠢᠶᠠᠴᠢᠨ ᠣᠷᠣᠯᠴᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠬᠡᠷᠡᠭᠲᠡᠶ᠃     ᠨᠠᠷᠢᠨᠪᠤᠯᠠᠭ ᠭᠠᠴᠠᠭᠠᠨ ᠤ ᠲᠡᠮᠡᠭᠡᠨ ᠤ ᠠᠵᠤ ᠦᠢᠯᠡᠰ ᠂ ᠠᠳᠤᠭᠤᠨ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ  ᠰᠢᠨᠵᠢᠯᠡᠭᠡᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠳᠤ ᠬᠦᠷᠴᠦ᠂ ᠬᠤᠯᠪᠣᠭᠳᠠᠯ ᠪᠥᠬᠦᠶ ᠪᠠᠶᠢᠳᠠᠯ ᠢ ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠲᠡᠮᠡᠭᠡᠨ ᠤ ᠠᠵᠤ ᠦᠢᠯᠡᠰ ᠤᠨ ᠣᠳᠣᠬᠢᠴᠢᠯᠠᠯᠲᠠ᠂ ᠮᠠᠰᠢᠨᠴᠢᠯᠠᠯᠲᠠ ᠶᠢᠨ ᠬᠢᠷᠢ ᠲᠦᠪᠰᠢᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠪᠠ ᠶᠠᠰᠤ ᠴᠢᠨᠠᠷ ᠤᠨ ᠠᠮᠤᠷ ᠲᠦᠪᠰᠢᠨ ᠢ ᠡᠵᠡᠮᠳᠡᠬᠦ ᠶᠢ ᠰᠠᠶᠢᠲᠤᠷ ᠠᠳᠬᠤᠵᠤ᠂ ᠲᠣᠰ ᠪᠡᠶ᠎ᠡ ᠶᠢᠨ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠦᠨ᠂ ᠲᠡᠮᠡᠭᠡᠨ ᠤ ᠠᠵᠤ ᠦᠢᠯᠡᠰ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠥᠬᠦ ᠲᠠᠯ᠎ᠠ ᠪᠠᠷ ᠬᠥᠭᠵᠢᠭᠡᠬᠦ ᠬᠡᠷᠡᠭᠲᠡᠶ᠃
3.jpg
     ᠰᠤᠮᠤᠨ  ᠤ ᠰᠠᠭᠤᠭ᠎ᠠ ᠭᠠᠵᠠᠷ ᠲᠤ᠂ ᠭᠤᠤ ᠵᠧᠩ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠭᠤᠤ ᠵᠧᠩ᠂  ᠰᠣᠮᠤᠨ ᠤ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠨ ᠦᠢᠯᠡᠴᠢᠯᠡᠵᠦ᠂ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ᠂ ᠠᠭᠤᠷᠬᠠᠢ ᠡᠷᠢᠵᠦ ᠠᠭᠤᠷᠬᠠᠢ ᠬᠠᠶᠢᠬᠤ᠂ ᠲᠡᠮᠡᠭᠡᠨ ᠤ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠶᠢᠨ ᠲᠣᠭᠤᠷᠢᠨ ᠳᠤ ᠬᠥᠭᠵᠢᠯᠲᠡ ᠶᠢᠨ ᠬᠦᠴᠦᠯᠡᠬᠦ ᠴᠡᠭ᠂ ᠭᠠᠷᠳᠠᠬᠤ ᠴᠡᠭ ᠢ ᠣᠨᠣᠪᠴᠢᠲᠠᠢ ᠣᠯᠵᠤ᠂ ᠳᠠᠪᠠᠭᠤᠯᠢᠭ ᠠᠵᠤ ᠦᠢᠯᠡᠰ ᠢᠶᠠᠷ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠨᠤᠭᠤᠷᠠᠰᠢ ᠦᠭᠡᠢ᠂ ᠡᠷᠡᠯᠬᠡᠭᠯᠡᠨ ᠤᠷᠤᠭᠰᠢᠯᠠᠬᠤ ᠤᠯᠠᠭᠠᠨ ᠴᠡᠷᠢᠭ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠦᠨᠡᠨ ᠠᠴᠠ ᠵᠥᠪ ᠢ ᠡᠷᠢᠬᠦ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠵᠠᠮ ᠨᠡᠭᠡᠭᠡᠨ ᠤᠷᠤᠭᠰᠢᠯᠠᠬᠤ ᠵᠠᠬ᠎ᠠ ᠳᠡᠯᠭᠡᠭᠦᠷ ᠤᠨ ᠵᠣᠷᠢᠭ ᠰᠠᠨᠠᠭ᠎ᠠ ᠶᠢ ᠪᠣᠶ ᠪᠣᠯᠭᠠᠵᠤ᠂ ᠲᠠᠩᠰᠠ ᠪᠤᠳᠤᠬᠤ ᠤᠬᠠᠮᠰᠠᠷ ᠪᠠ ᠰᠡᠳᠬᠢᠬᠦᠶ ᠶᠢ ᠪᠣᠶ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠲᠠᠷᠠᠨ ᠪᠦᠯᠬᠦᠮᠳᠡᠵᠦ᠂ ᠨᠢᠭᠡ ᠶᠠᠪᠤᠳᠠᠯ ᠢ ᠪᠦᠲᠦᠭᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠨ ᠬᠦᠴᠦᠷᠬᠡᠭ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号