ᠠᠯᠳᠠᠨᠴᠤᠭ ᠤᠨ ᠲᠡᠮᠡᠭᠡᠨ ᠰᠦᠷᠦᠭ ᠭᠡᠷ ᠲᠡᠭᠡᠨ ᠬᠠᠷᠢᠯ᠎ᠠ
ᠨᠡᠶᠢᠲᠡᠯᠡᠭᠰᠡᠨ ᠴᠠᠭ᠄
2024/11/20
    ᠡᠪᠦᠯ ᠤᠨ ᠤᠯᠠᠷᠢᠯ ᠤᠨ ᠡᠭᠢ ᠪᠠᠷ᠂ ᠠᠯᠲᠠᠨᠴᠤᠭ ᠰᠤᠮᠤᠨ ᠤ ᠲᠡᠮᠡᠭᠡᠳ ᠮᠠᠯᠴᠢᠳ  ᠤᠨ ᠮᠣᠲ᠋ᠣᠷ ᠲᠡᠷᠭᠡᠨ  ᠤ ᠲᠠᠭᠤᠯᠲᠠ ᠪᠠᠷ ᠠᠮᠤᠷ ᠠᠮᠤᠭᠤᠯᠠᠩ ᠡᠪᠦᠯ ᠤᠨ ᠮᠠᠯᠵᠢᠯ ᠤᠨ ᠲᠠᠯᠠᠪᠠᠢ ᠳᠠᠭᠠᠨ ᠬᠦᠷᠴᠦ ᠢᠷᠡᠪᠡ᠃
1.jpg
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠤ ᠡᠯᠡᠰᠦᠨ ᠴᠥᠯ ᠳᠤ᠂ ᠰᠦᠷ ᠳᠠᠯᠠᠶᠢᠴᠠᠲᠠᠶ ᠡᠪᠦᠯ ᠤᠨ ᠡᠳᠦᠷ ᠤᠨ ᠲᠡᠮᠡᠭᠡᠨ ᠤ ᠨᠡᠭᠦᠳᠡᠯ ᠶᠠᠭ ᠶᠠᠪᠤᠭᠳᠠᠵᠤ ᠂ ᠬᠡᠳᠦᠨ ᠵᠠᠭᠤᠨ ᠲᠡᠮᠡᠭᠡ ᠨᠡᠯᠦᠭᠡᠷ ᠶᠡᠭᠡ ᠡᠯᠡᠰᠦᠨ ᠴᠥᠯ ᠳᠤ ᠬᠥᠭᠡᠷᠦᠯᠳᠦᠨ ᠭᠦᠶᠦᠯᠳᠦᠵᠦ᠂ ᠡᠯᠡᠰᠦ ᠲᠣᠭᠤᠰᠣ ᠳᠡᠭᠳᠡᠨ᠂ ᠦᠵᠡᠮᠵᠢ ᠪᠠᠶᠢᠳᠠᠯ ᠨᠢ ᠲᠦᠢᠯ ᠤᠨ ᠰᠦᠷᠯᠢᠭ ᠰᠠᠶᠢᠬᠠᠨ ᠪᠠᠶᠢᠯ᠎ᠠ᠃
    ᠵᠢᠯ ᠪᠦᠷᠢ ᠶᠢᠨ ᠬᠠᠪᠤᠷ ᠵᠤᠨ ᠤ ᠤᠯᠠᠷᠢᠯ ᠳᠤ᠂ ᠠᠯᠳᠠᠨᠴᠤᠭ ᠰᠤᠮᠤᠨ ᠤ  ᠬᠦᠬᠡ ᠠᠭᠤᠯᠠ ᠭᠠᠴᠠᠭᠠᠨ ᠤ ᠮᠠᠯᠴᠢᠳ ᠲᠡᠮᠡᠭᠡ ᠪᠠᠨ ᠪᠠᠳᠠᠢ ᠶᠢᠨ ᠵᠢᠷᠠᠨ ᠡᠯᠡᠰᠦᠨ ᠳᠤ ᠮᠠᠯᠵᠢᠳᠠᠭ᠂ ᠠᠳᠡ ᠨᠠᠭᠤᠷ ᠤᠨ ᠤᠰᠤ  ᠪᠣᠯᠤᠨ ᠡᠯᠡᠰᠦᠨ ᠳᠤ ᠤᠷᠭᠤᠳᠠᠭ ᠤᠷᠭᠤᠮᠠᠯ  ᠡᠯᠪᠡᠭ ᠪᠠᠶᠢᠳᠠᠭ᠂  ᠲᠡᠮᠡᠭᠡᠳ ᠥᠪᠡᠷ ᠢᠶᠠᠨ ᠢᠳᠡᠵᠦ  ᠤᠤᠭᠤᠨ᠂ ᠠᠶᠠᠨᠳᠠᠭᠠᠨ ᠠᠮᠢᠳᠤᠷᠠᠵᠤ᠂ ᠡᠪᠦᠯ ᠪᠣᠯᠪᠠᠯ ᠲᠡᠮᠡᠭᠡ ᠪᠠᠨ ᠡᠯᠡᠰᠦᠨ ᠠᠴᠠ ᠦᠯᠳᠡᠨ ᠭᠠᠷᠭᠠᠵᠤ ᠡᠪᠦᠯ ᠤᠨ ᠲᠠᠯᠠᠪᠠᠢ ᠳᠤ ᠣᠷᠣᠭᠤᠯᠤᠭᠠᠳ ᠡᠯᠡᠰᠦᠨ ᠪᠡᠯᠴᠢᠭᠡᠷ ᠤᠨ ᠠᠮᠢ ᠠᠬᠤᠢ ᠶᠢ ᠰᠡᠷᠭᠦᠭᠡᠨ᠎ᠡ᠃ ᠪᠦᠬᠦ᠋ᠢᠯᠡ ᠰᠢᠯᠵᠢᠬᠦ ᠶᠠᠪᠤᠴᠠ ᠨᠢ 10 ᠠᠴᠠ 15 ᠡᠳᠦᠷ ᠬᠡᠷᠡᠭᠰᠡᠨ᠎ᠡ᠂ ᠡᠨᠡ ᠪᠣᠯ ᠭᠠᠴᠠᠭᠠᠨ ᠤ ᠵᠢᠯ ᠪᠦᠷᠢ ᠶᠢᠨ ᠡᠪᠦᠯ ᠤᠨ ᠤᠯᠠᠷᠢᠯ ᠤᠨ ᠦᠪᠡᠳᠡᠭᠰᠢ ᠶᠡᠭᠡ ᠶᠠᠪᠤᠳᠠᠯ ᠪᠣᠯᠤᠨ᠎ᠠ᠃
    ᠲᠡᠮᠡᠭᠡᠳ ᠠᠯᠭᠤᠷ ᠠᠭᠠᠵᠢᠮ ᠢᠶᠠᠷ ᠨᠡᠭᠦᠳᠡᠯᠯᠡᠵᠦ᠂ ᠪᠠᠳᠠᠶ ᠶᠢᠨ ᠵᠢᠷᠠᠨ ᠤ ᠡᠯᠡᠰᠦᠨ ᠴᠥᠯ ᠳᠠᠬᠢ ᠦᠵᠡᠰᠬᠦᠯᠡᠩᠲᠦ ᠰᠠᠶᠢᠬᠠᠨ ᠦᠵᠡᠮᠵᠢ ᠶᠢ ᠪᠦᠷᠢᠯᠳᠦᠭᠦᠯᠵᠡᠶ᠃
 
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠯᠲᠠᠨᠴᠤᠭ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号