ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠤ 2 ᠨᠡᠶᠢᠲᠡᠯᠢᠭ ᠵᠢᠱᠢᠶ᠎ᠡ 2024 ᠤᠨ ᠤ ᠲᠠᠯᠠᠬᠡᠢ ᠶᠢᠨ | ᠶᠠᠳᠠᠭᠤ ᠬᠦᠴᠢᠷᠳᠡᠯᠲᠡᠢ ᠬᠦᠮᠦᠨ ᠠᠮᠠ ᠶᠢ ᠴᠦᠭᠡᠳᠭᠡᠬᠦ ᠪᠠ ᠬᠦᠭᠵᠢᠭᠦᠯᠦᠯᠳᠡ ᠶᠢᠨ ᠳᠡᠭᠡᠳᠦ ᠳᠡᠰ ᠤᠨ ᠶᠠᠷᠢᠶᠠᠨ ᠤ | ᠲᠠᠪᠴᠠᠩ ᠠᠴᠠ ᠨᠡᠶᠢᠲᠡᠯᠡᠭᠰᠡᠨ ᠲᠠᠪᠤᠳᠤᠭᠠᠷ ᠬᠤᠭᠤᠴᠠᠭᠠᠨ ᠤ ᠳᠡᠯᠡᠬᠡᠢ ᠶᠢᠨ ᠶᠠᠳᠠᠭᠤ ᠬᠦᠴᠢᠷᠳᠡᠯᠲᠡᠢ ᠬᠦᠮᠦᠨ | ᠠᠮᠠ ᠶᠢ ᠴᠦᠭᠡᠳᠭᠡᠭᠰᠡᠨ ᠰᠢᠯᠢᠳᠡᠭ ᠵᠢᠱᠢᠶ᠎ᠡ ᠪᠠᠷ ᠲᠤᠳᠤᠷᠠᠪᠠ᠃ ᠬᠦᠷᠢᠶ᠎ᠡ ᠬᠤᠰᠢᠭᠤᠨ ᠤ ᠳᠡᠪᠰᠢᠭᠦᠯᠦᠭᠰᠡᠨ ︽ | ᠪᠠᠯᠭᠠᠰᠤᠨ ᠠᠴᠠ ᠡᠷᠬᠢᠯᠡᠭᠰᠡᠨ ᠠᠮᠢᠲᠠᠨ ᠤ ᠡᠮᠨᠡᠯᠭᠡ ᠶᠢᠨ ᠬᠤᠷᠢᠶ᠎ᠡ ᠪᠦᠬᠦ ᠤᠷᠤᠨ ᠪᠦᠰᠡ ᠶᠢᠨ ᠲᠡᠵᠢᠭᠡᠪᠦᠷᠢ ᠶᠢᠨ | ᠠᠵᠤ ᠦᠢᠯᠡᠰ ᠢ ᠲᠤᠯᠭᠠᠭᠤᠷᠢᠯᠠᠵᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠠ | — ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠦᠩᠯᠢᠶᠤ ᠬᠤᠳᠠ ᠶᠢᠨ ᠬᠦᠷᠢᠶ᠎ᠡ ᠬᠤᠰᠢᠭᠤᠨ ᠤ | ᠶᠠᠳᠠᠭᠤ ᠬᠦᠴᠢᠷᠳᠡᠯᠲᠡᠢ ᠬᠦᠮᠦᠨ ᠠᠮᠠ ᠶᠢ ᠴᠦᠭᠡᠳᠬᠡᠭᠰᠡᠨ ᠨᠡᠶᠢᠲᠡᠯᠢᠭ ᠵᠢᠱᠢᠶ᠎ᠡ︾᠂ ᠲᠦᠪ ᠤᠨ ᠤᠬᠠᠭᠤᠯᠬᠤ | ᠬᠡᠯᠲᠡᠰ᠂ ᠪᠡᠭᠡᠵᠢᠩ ᠤᠨ ᠬᠠᠢ ᠳ᠋ᠢᠶᠠᠨ ᠲᠤᠭᠤᠷᠢᠭ ᠪᠤᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠴᠠ | ᠬᠤᠯᠪᠤᠭᠠᠯᠠᠨ ᠳᠡᠪᠰᠢᠭᠦᠯᠦᠭᠰᠡᠨ ︽ᠵᠠᠰᠠᠭ ᠤᠨ ᠤᠷᠳᠤᠨ᠂ ᠠᠵᠤ ᠠᠬᠤᠶᠢᠯᠠᠯ᠂ ᠲᠠᠷᠢᠶᠠᠯᠠᠬᠤ ᠡᠷᠦᠬᠡ ᠶᠢᠨ | ᠠᠨᠲᠠ ᠶᠢᠨ ᠬᠠᠷᠢᠴᠠᠭ᠎ᠠ ᠶᠢ ᠪᠠᠶᠢᠭᠤᠯᠵᠤ ᠵᠠᠬᠢᠶᠠᠯᠠᠭ᠎ᠠ ᠶᠢᠨ ᠲᠠᠷᠢᠶᠠᠯᠠᠩ ᠤᠨ ᠤᠷᠤᠯᠭ᠎ᠠ ᠪᠠᠨ ᠨᠡᠮᠡᠭᠳᠡᠭᠦᠯᠤᠨ᠎ᠠ — | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠢ ᠬᠦᠮᠦᠨ ᠠᠮᠠ ᠶᠢ ᠴᠦᠭᠡᠳᠭᠡᠭᠰᠡᠨ | ᠨᠡᠶᠢᠲᠡᠯᠢᠭ ᠵᠢᠱᠢᠶ᠎ᠡ︾ ᠨᠢ ᠲᠤᠰ ᠬᠤᠭᠤᠴᠠᠭᠠᠨ ᠤ ᠳᠡᠯᠡᠬᠡᠢ ᠶᠢᠨ ᠶᠠᠳᠠᠭᠤ ᠬᠦᠴᠢᠷᠳᠡᠯᠲᠡᠢ ᠬᠦᠮᠦᠨ ᠠᠮᠠ ᠶᠢ | ᠴᠦᠭᠡᠳᠭᠡᠭᠰᠡᠨ ᠰᠢᠯᠢᠳᠡᠭ ᠵᠢᠱᠢᠶ᠎ᠡ ᠪᠠᠷ ᠰᠤᠩᠭᠤᠳᠠᠵᠠᠢ᠃ | ᠤᠶᠢᠯᠠᠭᠠᠭᠰᠠᠨ ᠢᠶᠠᠷ᠂ ᠲᠠᠪᠤᠳᠤᠭᠠᠷ ᠬᠤᠭᠤᠴᠠᠭᠠᠨ ᠤ ᠳᠡᠯᠡᠬᠡᠢ ᠶᠢᠨ ᠶᠠᠳᠠᠭᠤ ᠬᠦᠴᠢᠷᠳᠡᠯᠲᠡᠢ ᠬᠦᠮᠦᠨ ᠠᠮᠠ ᠶᠢ | ᠴᠦᠭᠡᠳᠬᠡᠭᠰᠡᠨ ᠰᠢᠯᠢᠳᠡᠭ ᠵᠢᠱᠢᠶ᠎ᠡ ᠡᠯᠰᠡᠬᠦ ᠠᠵᠢᠯᠯᠠᠭ᠎ᠠ 2023 ᠤᠨ ᠤ 11 ᠰᠠᠷ᠎ᠡ ᠠᠴᠠ ᠡᠬᠢᠯᠡᠨ ᠶᠠᠪᠤᠭᠳᠠᠵᠤ᠂ | ᠳᠡᠯᠡᠬᠡᠢ ᠶᠢᠨ 37 ᠤᠯᠤᠰ ᠤᠷᠤᠨ ᠠᠴᠠ ᠳᠡᠪᠰᠢᠭᠦᠯᠦᠭᠰᠡᠨ 1012 ᠨᠡᠶᠢᠲᠡᠯᠢᠭ ᠵᠢᠱᠢᠶ᠎ᠡ ᠶᠢ ᠡᠯᠰᠡᠨ ᠴᠤᠭᠯᠠᠭᠤᠯᠵᠤ | ᠂ ᠬᠠᠮᠤᠭ ᠤᠨ ᠰᠡᠬᠦᠯ ᠳᠤ 7 ᠪᠠᠶᠢᠭᠤᠯᠤᠮᠵᠢ ᠶᠢᠨ ᠬᠠᠮᠲᠤ ᠶᠢᠨ ᠦᠨᠡᠯᠡᠯᠲᠡ ᠪᠠᠷ ᠳᠠᠮᠵᠢᠨ 105 ᠰᠢᠯᠢᠳᠡᠭ | ᠵᠢᠱᠢᠶ᠎ᠡ ᠶᠢ ᠰᠤᠩᠭᠤᠨ ᠭᠠᠷᠭᠠᠵᠠᠢ᠃ ᠲᠡᠷᠡ ᠨᠢ ᠭᠤᠤᠯᠳᠠᠭᠤ ᠨᠡᠶᠢᠳᠡᠯᠢᠭ ᠵᠢᠱᠢᠶ᠎ᠡ ᠶᠢᠨ ᠦᠷᠬᠦᠯᠵᠢᠯᠡᠬᠦ ᠴᠢᠨᠡᠷ᠂ | ᠪᠤᠳᠠᠲᠠᠢ ᠬᠡᠷᠡᠭᠯᠡᠭᠡᠨ ᠤ ᠴᠢᠨᠠᠷ᠂ ᠤᠯᠠᠮᠵᠢᠯᠠᠨ ᠳᠡᠯᠭᠡᠷᠡᠬᠦᠯᠬᠦ ᠴᠢᠨᠠᠷ ᠵᠢᠴᠢ ᠬᠡᠷᠡᠭᠯᠡᠭᠡᠨ ᠤ ᠠᠬᠤᠢ ᠪᠠᠶᠢᠳᠠᠯ ᠢ | ᠪᠤᠳᠤᠯᠬᠢᠯᠠᠵᠤ᠂ ᠳᠡᠯᠡᠬᠡᠢ ᠶᠢᠨ ᠡᠯ᠎ᠡ ᠤᠯᠤᠰ ᠤᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠴᠦᠭᠡᠳᠭᠡᠬᠦ | ᠠᠵᠢᠯ ᠳᠤ ᠠᠩᠬᠠᠷᠤᠯ ᠲᠦᠪᠯᠡᠷᠡᠭᠦᠯᠵᠦ ᠪᠠᠶᠢᠭ᠎ᠠ ᠪᠠᠶᠢᠭᠤᠯᠤᠮᠵᠢ ᠪᠠ ᠬᠦᠮᠦᠰ ᠲᠤ ᠶᠠᠳᠠᠭᠤ ᠬᠦᠴᠢᠷᠳᠡᠯᠲᠡᠢ ᠬᠦᠮᠦᠨ | ᠠᠮᠠ ᠶᠢ ᠴᠦᠭᠡᠳᠭᠡᠬᠦ ᠵᠠᠭᠪᠤᠷ ᠵᠢᠴᠢ ᠬᠡᠷᠡᠭᠯᠡᠭᠡᠨ ᠤ ᠲᠦᠰᠦᠪ ᠬᠠᠨᠭ᠍ᠭᠠᠬᠤ ᠶᠢ ᠵᠤᠷᠢᠭᠰᠠᠨ ᠪᠠᠶᠢᠨ᠎ᠠ᠃ |