11 ᠰᠠᠷ᠎ᠠ ᠶᠢᠨ 15 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ | ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ | ᠤᠷᠳᠤᠨ ᠤ ᠪᠠᠶᠢᠡᠭᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠤᠯᠤᠨ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯ ᠤᠨ ᠦᠭᠡᠷᠡᠴᠢᠯᠡᠯᠲᠡ ᠶᠢᠨ ᠲᠤᠰᠬᠠᠢ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠤᠭᠳᠠᠯ ᠪᠦᠬᠦᠢ ᠴᠢᠬᠤᠯᠠ ᠴᠤᠬᠤᠯᠠᠪᠤᠷᠢ ᠶᠢᠨ | ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ | ᠬᠠᠷᠢᠭᠤᠴᠠᠯᠭᠠᠳᠤ ᠰᠡᠳᠭᠢᠯᠭᠡ ᠪᠠᠷ ᠰᠤᠷᠭᠠᠭᠤᠯᠢ ᠶᠢᠨ ᠬᠦᠷᠢᠶ᠎ᠡ᠂ ᠡᠮᠨᠡᠯᠭᠡ ᠶᠢᠨ ᠬᠤᠷᠢᠶ᠎ᠠ᠂ ᠲᠡᠷᠭᠡᠨ ᠦᠷᠳᠡᠭᠡ | ᠨᠢᠰᠭᠡᠯ ᠤᠨ ᠪᠠᠭᠤᠳᠠᠯ᠂ ᠵᠢᠭᠤᠯᠴᠢᠯᠠᠯ ᠤᠨ ᠦᠵᠡᠮᠵᠢ ᠶᠢᠨ ᠤᠷᠤᠨ ᠵᠡᠷᠭᠡ ᠬᠦᠮᠦᠨ ᠬᠠᠷ᠎ᠠ ᠲᠦᠪᠯᠡᠷᠡᠭᠰᠡᠨ | ᠲᠠᠯᠠᠪᠤᠷ ᠤᠨ ᠠᠶᠤᠯ ᠲᠦᠭᠰᠢᠭᠦᠷᠢ ᠭᠡᠮ ᠰᠤᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ ᠴᠡᠭᠴᠡᠯᠡᠨ ᠵᠠᠰᠠᠵᠤ᠂ | ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠤᠭᠤᠮᠳᠠ | ᠰᠢᠪᠳᠤᠯᠬᠤ ᠠᠵᠢᠯᠯᠠᠭ᠎ᠠ ᠶᠢ ᠪᠤᠳᠠᠳᠠᠢ ᠠᠳᠬᠤᠵᠤ᠂ ᠫᠤᠤ ᠵᠡᠪᠰᠡᠭ ᠲᠠᠢ ᠬᠤᠯᠪᠤᠬᠳᠠᠬᠤ ᠲᠡᠯᠪᠡᠷᠡᠬᠦ ᠡᠳ᠋ ᠪᠤᠳᠠᠰ ᠲᠠᠢ | ᠬᠤᠯᠪᠤᠭᠳᠠᠬᠤ᠂ ᠴᠠᠬᠢᠯᠭᠠᠨ ᠴᠢᠮᠡᠭᠡ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠦᠷᠢᠴᠡᠭᠰᠡᠨ ᠶᠠᠯᠠᠳᠤ | ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠡᠯ᠎ᠡ ᠲᠦᠷᠦᠯ ᠤᠨ ᠬᠡᠳᠦᠷᠡᠮᠡᠬᠡᠢ ᠬᠡᠷᠡᠭ ᠤᠨ ᠡᠭᠦᠰᠬᠦ ᠶᠢ | ᠪᠦᠳᠦᠮᠵᠢᠳᠡᠢ ᠰᠡᠷᠭᠡᠶᠢᠯᠡᠵᠦ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠬᠡᠢ | ᠲᠡᠭᠡᠭᠰᠢᠯᠡᠭᠦᠯᠬᠦ ᠬᠡᠷᠡᠭᠳᠡᠢ᠃ ᠠᠶᠤᠯᠭᠦᠢ ᠦᠢᠯᠡᠳᠪᠦᠷᠢᠯᠡᠯ ᠤᠨ ᠬᠡᠮ ᠰᠤᠭᠤᠭ ᠢ ᠦᠨᠳᠦᠰᠦᠨ ᠠᠴᠠ ᠨᠢ ᠵᠠᠰᠠᠬᠤ | ᠪᠤᠭᠤᠮᠳᠠ ᠰᠢᠪᠳᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠭᠤᠷᠬᠠᠢ᠂ ᠰᠢᠳᠠᠮᠠᠬᠠᠢ ᠬᠡᠢ᠂ | ᠠᠶᠤᠯᠳᠠᠢ ᠬᠢᠮᠢ ᠶᠢᠨ ᠪᠤᠳᠠᠰ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠶᠢ ᠲᠤᠪᠤᠶᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠠᠷᠠᠳ ᠤᠨ ᠠᠮᠢᠳᠤᠷᠠᠯ ᠤᠨ 33 ᠪᠤᠳᠠᠳᠤ ᠶᠠᠪᠤᠳᠠᠯ ᠤᠨ ᠠᠬᠢᠴᠠ ᠶᠢᠨ ᠪᠠᠶᠢᠳᠠᠯ ᠢ ᠰᠤᠨᠤᠰᠴᠤ᠂ | ᠲᠤᠬᠢᠷᠠᠭᠤᠯᠤᠯᠳᠠ ᠪᠠᠨ ᠴᠢᠩᠭᠠᠳᠬᠠᠵᠤ᠂ ᠠᠬᠢᠴᠠ ᠪᠠᠨ ᠲᠦᠷᠭᠡᠳᠭᠡᠵᠦ᠂ ᠵᠢᠯ ᠤᠨ ᠡᠴᠦᠰ ᠠᠴᠠ ᠡᠮᠦᠨ᠎ᠡ | ᠲᠤᠭᠳᠠᠭᠰᠠᠨ ᠡᠭᠦᠷᠭᠡ ᠪᠠᠨ ᠪᠦᠬᠦᠨ ᠢ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ᠃ ᠤᠯᠠᠨ ᠠᠷᠭ᠎ᠠ ᠵᠠᠮ ᠢᠶᠠᠷ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠴᠤᠭᠯᠠᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠰᠠᠨᠠᠯ ᠰᠠᠨᠠᠭᠤᠯᠭ᠎ᠠ ᠶᠢ ᠰᠤᠨᠤᠰᠬᠤ ᠶᠢ | ᠴᠢᠬᠤᠯᠠᠴᠢᠯᠠᠵᠤ᠂ ᠢᠷᠡᠬᠦ ᠵᠢᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠨᠠᠷᠢᠨ ᠨᠢᠮᠪᠠᠢ ᠰᠠᠶᠢᠳᠤᠷ | ᠲᠦᠯᠦᠪᠵᠢᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠲᠠᠯ᠎ᠠ ᠪᠠᠷ ᠪᠤᠬᠢᠷᠳᠤᠯ ᠦᠭᠡᠢ ᠲᠡᠰᠢ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠬᠦ ᠲᠤᠬᠠᠢ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | 2025 ᠤᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠵᠤ᠂ ᠦᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠵᠢᠯᠤᠭᠤᠳᠤᠮᠵᠢ ᠪᠤᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠤᠯᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠤᠯᠠᠮᠵᠢᠯᠠᠯᠳᠤ ᠡᠨᠧᠷᠭᠢ ᠪᠤᠯᠤᠨ ᠰᠢᠨ᠎ᠡ | ᠡᠨᠧᠷᠭᠢ᠂ ᠡᠨᠧᠷᠭᠢ ᠶᠢ ᠠᠷᠪᠢᠯᠠᠵᠤ ᠨᠡᠭᠦᠷᠡᠰᠦᠳᠦ᠋ᠷᠦᠭᠴᠢ ᠶᠢ ᠪᠠᠭᠠᠰᠬᠠᠬᠤ ᠪᠠ ᠡᠷᠭᠢᠯᠳᠦᠭᠦᠯᠦᠨ ᠠᠰᠢᠭᠯᠠᠬᠤ ᠶᠢ | ᠠᠭᠤᠰᠤᠯᠴᠠᠭᠤᠯᠵᠤ᠂ ᠭᠦᠢᠴᠡᠳᠭᠡᠯ ᠲᠤᠭ᠎ᠠ ᠶᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠤᠬᠠᠭᠤᠯᠭ᠎ᠠ | ᠵᠢᠯᠤᠭᠤᠳᠤᠯᠭ᠎ᠠ ᠪᠠᠨ ᠴᠢᠩᠭᠠᠳᠬᠠᠵᠤ᠂ ᠪᠤᠬᠢᠷᠳᠤᠯ ᠦᠬᠡᠢ ᠲᠡᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠬᠦ | ᠬᠡᠷᠡᠭᠳᠡᠢ᠃ ᠤᠨᠴᠠᠭᠠᠶᠢᠯᠠᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ | ᠦᠭᠡᠷᠡᠴᠢᠯᠡᠯᠲᠡ ᠶᠢᠨ ᠡᠭᠦᠷᠭᠡ ᠲᠠᠢ ᠬᠠᠷᠭᠤᠭᠤᠯᠵᠤ᠂ ᠬᠦᠴᠦᠨ ᠢᠶᠠᠨ ᠬᠤᠪᠢᠶᠠᠨ ᠪᠤᠭᠤᠮᠳᠠ ᠶᠢ ᠰᠠᠬᠢᠨ ᠲᠠᠷᠤᠢ | ᠲᠦᠷᠭᠡᠨ ᠰᠤᠳᠤᠯᠵᠤ᠂ ᠨᠢᠬᠡ ᠨᠢ ᠪᠤᠯᠪᠠᠰᠤᠷᠠᠩᠭᠤᠢ ᠪᠤᠯᠪᠠᠯ ᠪᠠᠷᠢᠨ ᠨᠢᠬᠡ ᠶᠢ ᠲᠡᠯᠭᠡᠷᠡᠭᠦᠯᠵᠦ᠂ ᠠᠯᠢ ᠲᠦᠷᠭᠡᠨ ᠢᠶᠠᠷ | ᠨᠡᠩ ᠤᠯᠠᠨ ᠦᠷ᠎ᠡ ᠪᠦᠳᠦᠭᠡᠯ ᠭᠠᠷᠭᠠᠬᠤ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠤᠷᠭᠠᠨ ᠬᠦᠮᠦᠵᠢᠯ ᠤᠨ ᠬᠦᠴᠦᠷᠬᠡᠭ ᠤᠷᠤᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ | ᠠᠵᠢᠯ ᠢ ᠰᠤᠳᠤᠯᠵᠤ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠠᠵᠢᠯ ᠤᠨ | ᠭᠤᠤᠯ ᠰᠢᠵᠢᠮ ᠪᠤᠯᠭᠠᠵᠤ᠂ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢᠨ ᠰᠢᠨ᠎ᠠ ᠶᠢ ᠡᠭᠦᠳᠬᠦ ᠶᠢ | ᠭᠦᠨᠵᠡᠭᠡᠶᠢᠷᠡᠭᠦᠯᠵᠦ᠂ ᠴᠢᠨᠠᠷ ᠰᠠᠶᠢᠳᠠᠢ ᠰᠤᠷᠭᠠᠨ ᠬᠦᠮᠦᠵᠢᠯ ᠤᠨ ᠰᠢᠰᠲ᠋ᠧᠮ ᠢ ᠪᠠᠶᠢᠭᠤᠯᠬᠤ ᠬᠡᠷᠡᠭᠳᠡᠢ᠃ ᠪᠠᠭᠰᠢ ᠶᠢᠨ | ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠲᠡᠭᠡᠭᠰᠢᠯᠡᠭᠦᠯᠵᠦ᠂ ᠪᠠᠭᠰᠢ ᠶᠢᠨ | ᠮᠤᠷᠠᠯ ᠪᠠᠭᠰᠢ ᠶᠢᠨ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢ ᠬᠦᠨᠳᠦᠳᠭᠡᠨ ᠪᠠᠭᠰᠢ ᠳᠤ | ᠬᠠᠷᠠᠭᠠᠯᠵᠠᠯ ᠬᠦᠷᠳᠡᠭᠡᠵᠤ ᠪᠠᠭᠰᠢ ᠶᠢ ᠬᠠᠯᠠᠮᠵᠢᠯᠠᠬᠤ ᠠᠵᠢᠯᠯᠠᠭ᠎ᠠ ᠦᠷᠨᠢᠭᠦᠯᠵᠦ᠂ ︽ᠲᠦᠷᠪᠡ ᠶᠢ ᠪᠦᠷᠢᠯᠳᠦᠭᠦᠯᠦᠭᠰᠡᠨ | ︾ ᠰᠠᠶᠢᠨ ᠪᠠᠭᠰᠢ ᠶᠢ ᠢᠳᠡᠪᠬᠢᠳᠡᠢ ᠬᠦᠮᠦᠵᠢᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠳᠤ ᠪᠠᠰᠠ ᠡᠳ᠋ ᠤᠨ ᠵᠠᠰᠠᠭ ᠤᠨ ᠬᠦᠷᠢᠶᠠᠨ ᠳᠠᠬᠢ ᠤᠯᠠᠮ ᠨᠢᠭᠡ ᠠᠯᠬᠤᠮ ᠵᠠᠰᠠᠭ ᠢ ᠴᠤᠮᠬᠠᠳᠬᠠᠨ | ᠡᠷᠬᠡ ᠶᠢ ᠲᠠᠯᠪᠢᠵᠤ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠶᠠᠪᠤᠳᠠᠯ ᠢ ᠰᠤᠳᠤᠯᠪᠠ᠃ |