11 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ | ᠬᠡᠷ ᠤᠨ ᠳᠡᠳ᠋ ᠡᠷᠬᠢᠯᠡᠭᠴᠢ ᠯᠢᠦ ᡁᠢ ᠫᠢᠩ ᠠᠯᠠᠱᠠ ᠪᠠᠷᠠᠭᠤᠨ ᠬᠤᠰᠢᠭᠤᠨ ᠤ ᠲᠠᠩᠰᠤᠭᠪᠤᠯᠠᠭ ᠰᠤᠮᠤᠨ ᠤ ᠡᠩᠭᠡᠷ | ᠤᠰᠤ ᠭᠠᠴᠠᠭ᠎ᠠ ᠳᠤ ᠭᠦᠨᠵᠡᠭᠡᠶᠢᠷᠡᠵᠦ᠂ ᠨᠤᠲᠤᠭ ᠢᠶᠠᠨ ᠰᠠᠬᠢᠵᠤ ᠬᠢᠯᠢ ᠪᠠᠨ ᠰᠠᠬᠢᠵᠤ ᠪᠠᠶᠢᠭ᠎ᠠ ᠮᠠᠯᠴᠢᠨ ᠨᠢᠮ᠎ᠠ | ᠨᠠᠰᠤᠲᠠᠨ ᠢ ᠪᠣᠯᠭᠤᠭᠠᠨ ᠲᠣᠬᠤᠨᠢᠭᠤᠯᠪᠠ᠃ | | | | | | | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ᠂ ᠪᠥᠬᠦ | ᠤᠯᠤᠰ ᠤᠨ ᠬᠠᠮᠤᠭ ᠤᠨ ᠭᠤᠶᠣ ᠬᠡᠷ ᠪᠦᠯᠢ᠂ ︽ᠤᠮᠠᠷᠠᠲᠤ ᠬᠢᠯᠢ ᠶᠢᠨ ᠵᠢᠱᠢᠶᠡᠴᠢ︾ ᠨᠢᠮ᠎ᠠ ᠨᠠᠰᠤᠲᠠᠨ ᠤ ᠬᠡᠷ ᠲᠤ᠂ | ᠯᠢᠦ ᡁᠢ ᠫᠢᠩ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠨ ᠤ ᠪᠡᠶ᠎ᠡ ᠶᠢᠨ ᠪᠠᠶᠢᠳᠠᠯ᠂ ᠠᠳᠠᠯ ᠠᠮᠢᠳᠤᠷᠠᠯ | ᠤᠨ ᠪᠠᠶᠢᠳᠠᠯ᠂ ᠰᠠᠭᠤᠷᠢ ᠨᠥᠬᠦᠴᠡᠯ ᠤᠨ ᠪᠠᠶᠢᠳᠠᠯ ᠢ ᠳᠣᠲᠣᠨᠣ ᠪᠠᠷ ᠯᠠᠪᠯᠠᠨ ᠠᠰᠠᠭᠤᠵᠤ᠂ ᠲᠡᠳᠡᠨ ᠤ | ᠦᠢᠯᠡᠳᠪᠦᠷᠢᠯᠡᠯ ᠠᠮᠢᠳᠤᠷᠠᠯ᠂ ᠬᠡᠷ ᠪᠦᠯᠢ ᠶᠢᠨ ᠣᠷᠣᠯᠭ᠎ᠠ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠢ ᠨᠠᠷᠢᠨ | ᠣᠶᠢᠯᠠᠭᠠᠪᠠ᠃ | ᠯᠢᠦ ᡁᠢ ᠫᠢᠩ ᠨᠢᠮ᠎ᠠ ᠨᠠᠰᠤᠲᠠᠨ ᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠠᠷᠠᠮ ᠦᠭᠡᠢ ᠵᠣᠷᠢᠭᠤᠯᠵᠤ᠂ | ᠨᠤᠲᠤᠭ ᠳᠡᠪᠢᠰᠬᠡᠷ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠳᠤ ᠦᠵᠡᠭᠦᠯᠦᠭᠰᠡᠨ ᠢᠳᠡᠪᠬᠢᠲᠡᠢ ᠬᠤᠪᠢ | ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠭᠦᠨ ᠤ ᠭᠡᠷ ᠤᠨ ᠬᠥᠮᠦᠰ ᠲᠠᠢ ᠪᠠᠨ ᠢᠲᠡᠭᠡᠯ ᠵᠣᠷᠢᠭ ᠢᠶᠠᠨ | ᠪᠠᠲᠤᠳᠬᠠᠵᠤ᠂ ᠨᠤᠲᠤᠭ ᠳᠡᠪᠢᠰᠬᠡᠷ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠣᠷᠢᠭ ᠰᠠᠨᠠᠭ᠎ᠠ ᠶᠢ | ᠦᠷᠭᠦᠯᠵᠢᠯᠡᠨ ᠪᠠᠳᠠᠷᠠᠭᠤᠯᠵᠤ᠂ ᠬᠢᠯᠢ ᠬᠢᠵᠠᠭᠠᠷ ᠲᠤ ᠦᠨᠳᠦᠰᠦᠯᠡᠨ ᠬᠢᠯᠢ ᠬᠢᠵᠠᠭᠠᠷ ᠢᠶᠠᠨ ᠬᠠᠮᠠᠭᠠᠯᠠᠬᠤ ᠢᠷᠠᠭᠤ | ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠬᠢᠯᠢ ᠶᠢᠨ | ᠬᠠᠮᠢᠶᠠᠷᠤᠨ ᠡᠵᠡᠮᠳᠡᠬᠦ ᠠᠵᠢᠯ ᠢ ᠳᠡᠮᠵᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠢ | ᠬᠠᠮᠲᠤ ᠪᠠᠷ ᠰᠠᠬᠢᠨ ᠬᠠᠮᠠᠭᠠᠯᠠᠭᠠᠷᠠᠢ ᠭᠡᠵᠦ ᠵᠣᠷᠢᠭᠵᠢᠭᠤᠯᠪᠠ᠃ | ᠯᠢᠦ ᡁᠢ ᠫᠢᠩ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ | ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠰᠠᠬᠢᠵᠤ ᠪᠠᠶᠢᠭ᠎ᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤᠨᠢ ᠤᠢᠢᠯᠠᠭᠠᠨ ᠡᠵᠡᠮᠰᠢᠵᠦ᠂ ᠣᠷᠣᠰᠢᠵᠤ ᠪᠠᠶᠢᠭ᠎ᠠ ᠪᠣᠳᠠᠲᠠᠢ | ᠬᠦᠴᠢᠷᠳᠡᠯ ᠢ ᠨᠢ ᠦᠨᠡᠨ ᠬᠦ ᠰᠢᠢᠳᠪᠦᠷᠢᠯᠡᠵᠦ᠂ ᠬᠢᠯᠢ ᠬᠢᠵᠠᠭᠠᠷ ᠢ ᠰᠠᠬᠢᠵᠤ ᠪᠠᠶᠢᠭ᠎ᠠ ᠮᠠᠯᠴᠢᠨ ᠲᠠᠷᠢᠶᠠᠴᠢᠨ ᠤ | ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠦᠷᠦᠭᠳᠡᠯ ᠪᠣᠯᠤᠨ | ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠢᠯᠢ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ | ᠪᠠᠶᠢᠩᠭᠤᠵᠢᠭᠤᠯᠤᠨ ᠭᠦᠨᠵᠡᠭᠡᠶ ᠥᠷᠨᠢᠭᠦᠯᠵᠦ᠂ ᠲᠣᠭᠤᠷᠢᠨ ᠪᠠᠶᠢᠴᠠᠭᠠᠬᠤ ᠪᠠ ᠬᠢᠨᠠᠨ ᠡᠵᠡᠮᠳᠡᠬᠦ ᠡᠷᠴᠢᠮ ᠢᠶᠠᠨ | ᠨᠡᠮᠡᠭᠳᠡᠭᠦᠯᠵᠦ᠂ ᠬᠢᠯᠢ ᠶᠢᠨ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠨᠢᠮ᠎ᠠ ᠨᠠᠰᠤᠲᠠᠨ ᠤ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠪᠦᠬᠦ ᠨᠡᠶᠢᠭᠡᠮ ᠳᠤ ᠬᠢᠯᠢ | ᠬᠢᠵᠠᠭᠠᠷ ᠢ ᠬᠠᠶᠢᠷᠠᠯᠠᠬᠤ᠂ ᠬᠢᠯᠢ ᠬᠢᠵᠠᠭᠠᠷ ᠢ ᠪᠦᠲᠦᠭᠡᠨ ᠪᠠᠶᠢᠭᠤᠯᠬᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠭᠦᠨ | ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠡᠬᠡ ᠤᠯᠤᠰ ᠠᠴᠠ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ | ᠠᠯᠠᠱᠠ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠪᠣᠯᠣᠳ ᠂ ᠠᠯᠠᠱᠠ ᠪᠠᠷᠠᠭᠤᠨ | ᠬᠤᠰᠢᠭᠤᠨ ᠤ ᠳᠡᠳ᠋ ᠬᠤᠰᠢᠭᠤ ᠳᠠᠷᠤᠭ᠎ᠠ ᠣᠳᠬᠠᠨᠴᠢᠮᠡᠭ ᠲᠣᠬᠤᠨᠢᠭᠤᠯᠬᠤ ᠳᠤ ᠣᠷᠣᠯᠴᠠᠪᠠ᠃ |